︽ᠠᠯᠳᠠᠷ︾ᠨᠡᠷᠡᠮᠵᠢᠲᠦ ᠰᠢᠲᠠᠷ᠎ᠠ ᠶᠢᠨ ᠴᠠᠬᠢᠮ ᠲᠡᠮᠡᠴᠡᠭᠡᠨ ᠪᠣᠯᠤᠨ᠎ᠠ  | News.MN

︽ᠠᠯᠳᠠᠷ︾ᠨᠡᠷᠡᠮᠵᠢᠲᠦ ᠰᠢᠲᠠᠷ᠎ᠠ ᠶᠢᠨ ᠴᠠᠬᠢᠮ ᠲᠡᠮᠡᠴᠡᠭᠡᠨ ᠪᠣᠯᠤᠨ᠎ᠠ 

ᠪᠠᠲᠤᠯᠠᠨ ᠬᠠᠮᠠᠭᠠᠯᠠᠬᠤ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢᠨ 110᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠭᠤᠯᠤᠭᠳᠠᠭᠰᠠᠨ ᠤ 100 ᠵᠢᠯ ᠦᠨ ᠣᠢ ᠶᠢ ᠲᠣᠬᠢᠶᠠᠯᠳᠤᠭᠤᠯᠤᠨ︽ᠠᠯᠳᠠᠷ︾ᠰᠫᠣᠷᠲ ᠬᠣᠷᠢᠶᠠᠨ ᠠᠴᠠ ᠲᠥᠷᠥ ᠶᠢᠨ ᠴᠡᠷᠢᠭ ᠦᠨ ᠪᠠᠶᠢᠭᠤᠯᠤᠯᠭ᠎ᠠ ᠶᠢᠨ ᠭᠧᠨᠧᠷᠠᠯ᠂ ᠣᠹᠢᠼᠧᠷ᠂ ᠠᠬᠠᠯᠠᠭᠴᠢ᠂ ᠴᠡᠷᠢᠭ ᠦᠨ ᠭᠡᠷᠡᠲᠦ ᠪᠣᠯᠤᠨ ᠬᠤᠭᠤᠴᠠᠭᠠᠲᠤ ᠠᠯᠪᠠᠨ ᠤ ᠳᠠᠶᠢᠴᠢᠳ ᠤᠨ ᠳᠤᠮᠳᠠ ᠰᠢᠲᠠᠷ᠎ᠠ ᠶᠢᠨ ᠲᠡᠮᠡᠴᠡᠭᠡᠨ ᠵᠣᠬᠢᠶᠠᠨ ᠪᠠᠶᠢᠭᠤᠯᠬᠤ ᠪᠠᠷ ᠪᠣᠯᠵᠠᠢ᠃

ᠰᠢᠲᠠᠷ᠎ᠠ ᠶᠢᠨ ᠰᠫᠣᠷᠲ ᠢ ᠴᠡᠷᠢᠭ ᠦᠨ ᠠᠯᠪᠠ ᠬᠠᠭᠠᠭᠴᠢᠳ ᠤᠨ ᠳᠤᠮᠳᠠ ᠪᠣᠯᠤᠨ ᠣᠯᠠᠨ ᠨᠡᠶᠢᠲᠡ ᠳᠦ ᠲᠦᠭᠡᠭᠡᠨ ᠳᠡᠯᠭᠡᠷᠡᠭᠦᠯᠬᠦ᠂ ᠰᠢᠲᠠᠷ᠎ᠠ ᠶᠢᠨ ᠰᠫᠣᠷᠲ ᠢᠶᠠᠷ ᠳᠠᠮᠵᠢᠭᠤᠯᠤᠨ ᠬᠠᠮᠲᠤ ᠣᠯᠠᠨ ᠤ ᠨᠠᠶᠢᠷᠰᠠᠭ ᠨᠥᠬᠥᠷᠰᠡᠭ ᠠᠭᠤᠷ ᠠᠮᠢᠰᠬᠤᠯ ᠢ ᠪᠦᠷᠢᠳᠦᠭᠦᠯᠬᠦ ᠵᠣᠷᠢᠯᠭ᠎ᠠ ᠲᠠᠢ ᠤᠭ ᠲᠡᠮᠡᠴᠡᠭᠡᠨ ᠢ ᠴᠠᠷ᠎ᠠ ᠲᠠᠬᠤᠯ ᠤᠨ ᠨᠥᠬᠥᠴᠡᠯ ᠪᠠᠶᠢᠳᠠᠯ ᠲᠠᠢ ᠬᠣᠯᠪᠣᠭᠳᠠᠭᠤᠯᠤᠨ ᠴᠠᠬᠢᠮ ᠢᠶᠠᠷ ᠶᠠᠪᠤᠭᠤᠯᠬᠤ ᠶᠤᠮ ᠪᠠᠶᠢᠨ᠎ᠠ᠃ ᠲᠡᠮᠡᠴᠡᠭᠡᠨ ᠦ ᠶᠡᠷᠦᠩᠬᠡᠢ ᠰᠢᠭᠦᠭᠴᠢ ᠪᠡᠷ ᠮᠣᠩᠭᠣᠯ ᠤᠯᠤᠰ ᠤᠨ ᠭᠠᠪᠢᠶᠠᠲᠤ ᠲᠠᠮᠢᠷᠴᠢᠨ᠂ ᠶᠡᠬᠡ ᠮᠠᠰᠲ᠋ᠸᠷ᠂ ᠠᠬᠠᠮᠠᠳ ᠪ ∙ ᠮᠦᠩᠭᠦᠨᠲᠤᠤᠯᠠ ᠠᠵᠢᠯᠯᠠᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ