︽ᠪᠦᠭᠦᠳᠡ ᠨᠠᠢᠷᠠᠮᠳᠠᠬᠤ ᠮᠤᠩᠭᠤᠯ ᠠᠷᠠᠳ ᠤᠯᠤᠰ ᠤᠨ ᠶᠡᠷᠦᠩᠬᠡᠢ ᠰᠠᠶᠢᠳ᠂ ᠰᠢᠯᠭᠠᠷᠠᠭᠰᠠᠨ ᠪᠠᠭᠠᠲᠤᠷ᠂ ᠮᠠᠷᠱᠠᠯ ᠬ∙ᠴᠣᠶᠢᠪᠠᠯᠰᠠᠩ︾ᠲᠤᠰᠬᠠᠢ ᠦᠵᠡᠰᠬᠦᠯᠡᠩ ᠮᠠᠷᠭᠠᠰᠢ ᠨᠡᠭᠡᠭᠡᠯᠲᠡ ᠪᠡᠨ ᠬᠢᠬᠦ ᠪᠡᠷ ᠪᠣᠯᠵᠠᠢ᠃ ᠲᠣᠳᠣᠷᠠᠭᠤᠯᠪᠠᠯ᠂ ᠦᠨᠳᠦᠰᠦᠨ ᠦ ᠠᠷᠠᠳᠴᠢᠯᠠᠭᠰᠠᠨ ᠬᠤᠪᠢᠰᠬᠠᠯ ᠤᠨ 100 ᠵᠢᠯ ᠦᠨ ᠣᠢ᠂ ︽ᠮᠣᠩᠭᠣᠯ ᠴᠡᠷᠢᠭ ᠦᠨ ᠡᠳᠦᠷ︾ ᠍ ᠢ ᠲᠣᠬᠢᠶᠠᠯᠳᠤᠭᠤᠯᠤᠨ ᠲᠠᠩᠨᠠᠭᠤᠯ ᠤᠨ ᠶᠡᠷᠦᠩᠬᠡᠢ ᠭᠠᠵᠠᠷ ᠤᠨ ᠲᠤᠰᠬᠠᠢ ᠠᠷᠬᠢᠪ᠂ ᠮᠣᠩᠭᠣᠯ ᠤᠨ ᠦᠨᠳᠦᠰᠦᠨ ᠦ ᠮᠦᠽᠧᠢ᠂ ᠰᠲᠷᠠᠲ᠋ᠧᠭᠢ ᠠᠺᠠᠳᠧᠮᠢ ᠬᠠᠮᠲᠤᠷᠠᠨ ᠡᠨᠡ ᠦᠵᠡᠰᠬᠦᠯᠡᠩ ᠢ ᠵᠣᠬᠢᠶᠠᠨ ᠪᠠᠶᠢᠭᠤᠯᠵᠤ ᠪᠠᠶᠢᠭ᠎ᠠ ᠠᠵᠠᠢ᠃
ᠦᠵᠡᠰᠬᠦᠯᠡᠩ ᠳᠦ ᠮᠠᠷᠱᠠᠯ ᠬ∙ᠴᠣᠶᠢᠪᠠᠯᠰᠠᠩ ᠤᠨ ᠬᠡᠷᠡᠭᠯᠡᠵᠦ ᠪᠠᠶᠢᠭᠰᠠᠨ ᠳᠦᠷᠢᠮᠲᠦ ᠬᠤᠪᠴᠠᠰᠤ᠂ ᠪᠢᠴᠢᠭ ᠦᠨ ᠬᠡᠷᠡᠭᠯᠡᠯ᠂ ᠰᠢᠲᠠᠷ᠎ᠠ᠂ ᠡᠮᠡᠭᠡᠯ ᠵᠡᠷᠭᠡ 60 ᠭᠠᠷᠤᠢ ᠬᠣᠪᠣᠷ ᠦᠵᠡᠮᠦᠷᠢ᠂ 30 ᠭᠠᠷᠤᠢ ᠭᠡᠷᠡᠯ ᠵᠢᠷᠤᠭ ᠢ ᠳᠡᠯᠭᠡᠨ ᠦᠵᠡᠭᠦᠯᠬᠦ ᠶᠤᠮ᠃ ᠲᠤᠰ ᠦᠵᠡᠰᠬᠦᠯᠡᠩ ᠢ ᠭᠤᠷᠪᠠᠳᠤᠭᠠᠷ ᠰᠠᠷ᠎ᠠ ᠶᠢᠨ 18 ᠍ ᠠᠴᠠ ᠡᠬᠢᠯᠡᠨ ᠳᠥᠷᠪᠡᠳᠦᠭᠡᠷ ᠰᠠᠷ᠎ᠠ ᠶᠢᠨ 11 ᠍ ᠦ ᠡᠳᠦᠷ ᠬᠦᠷᠲᠡᠯ᠎ᠡ ᠮᠣᠩᠭᠣᠯ ᠤᠨ ᠦᠨᠳᠦᠰᠦᠨ ᠦ ᠮᠦᠽᠧᠢ ᠶᠢᠨ ᠲᠦᠷ ᠦᠵᠡᠰᠬᠦᠯᠡᠩ ᠦᠨ ᠲᠠᠩᠬᠢᠮ ᠳᠤ ᠨᠡᠶᠢᠲᠡ ᠳᠦ ᠦᠨ᠎ᠡ ᠲᠥᠯᠦᠪᠦᠷᠢ ᠦᠭᠡᠢ ᠲᠣᠯᠢᠯᠠᠭᠤᠯᠤᠨ᠎ᠠ᠃