ᠤᠪᠰᠤ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠴᠡᠷᠢᠭ ᠦᠨ ᠱᠲ᠋ᠠᠪ ᠠᠴᠠ ᠮᠣᠩᠭᠣᠯ ᠴᠡᠷᠢᠭ ᠦᠨ ᠡᠳᠦᠷ᠂ ᠵᠡᠪᠰᠡᠭᠲᠦ ᠬᠦᠴᠦᠨ ᠦ 100 ᠵᠢᠯ ᠦᠨ ᠣᠢ ᠶᠢ ᠤᠭᠲᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 12 ᠳ᠋ᠤᠭᠠᠷ ᠠᠩᠬᠢ ᠶᠢᠨ ᠰᠤᠷᠤᠭᠴᠢᠳ ᠤᠨ ᠳᠤᠮᠳᠠ ︽ᠡᠷᠬᠢᠮ ᠦᠨ ᠳᠡᠭᠡᠳᠦ ᠮᠣᠩᠭᠣᠯ ᠡᠷ᠎ᠡ ᠬᠦᠮᠦᠨ︾ᠰᠡᠳᠦᠪᠲᠦ ᠡᠰᠰᠸ ᠪᠢᠴᠢᠯᠭᠡ ᠶᠢᠨ ᠴᠠᠬᠢᠮ ᠤᠷᠤᠯᠳᠤᠭᠠᠨ ᠢ ᠵᠠᠷᠯᠠᠨ ᠶᠠᠪᠤᠭᠤᠯᠤᠯ᠎ᠠ᠃ ᠥᠰᠪᠦᠷᠢ ᠦᠶ᠎ᠡ᠂ ᠬᠡᠦᠬᠡᠳ ᠵᠠᠯᠠᠭᠤᠴᠤᠳ ᠲᠤ ᠡᠬᠡ ᠣᠷᠣᠨᠴᠢ ᠦᠵᠡᠯ ᠬᠦᠮᠦᠵᠢᠯ ᠲᠥᠯᠦᠪᠰᠢᠭᠦᠯᠬᠦ᠂ ᠲᠡᠳᠡᠨ ᠦ ᠰᠡᠳᠬᠢᠨ ᠪᠣᠳᠣᠬᠤ᠂ ᠨᠠᠶᠢᠷᠠᠭᠤᠯᠤᠨ ᠪᠢᠴᠢᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠵᠣᠷᠢᠯᠭ᠎ᠠ ᠪᠠᠷ ᠵᠥᠪᠬᠡᠨ ᠲᠡᠭᠦᠰᠬᠦ ᠠᠩᠬᠢ ᠶᠢᠨ ᠰᠤᠷᠤᠭᠴᠢᠳ ᠤᠨ ᠳᠤᠮᠳᠠ ᠵᠣᠬᠢᠶᠠᠨ ᠶᠠᠪᠤᠭᠤᠯᠤᠭᠰᠠᠨ ᠴᠠᠬᠢᠮ ᠡᠰᠰᠸ ᠪᠢᠴᠢᠯᠭᠡ ᠶᠢᠨ ᠤᠷᠤᠯᠳᠤᠭᠠᠨ ᠳᠤ ᠬᠡᠦᠬᠡᠳ ᠦᠳ ᠢᠳᠡᠪᠬᠢᠲᠡᠢ ᠣᠷᠣᠯᠴᠠᠭᠰᠠᠨ ᠪᠠᠶᠢᠨ᠎ᠠ᠃
ᠤᠷᠤᠯᠳᠤᠭᠠᠨ ᠤ ᠲᠡᠷᠢᠭᠦᠨ ᠪᠠᠶᠢᠷᠢ ᠳᠤ ᠶᠡᠷᠦᠩᠬᠡᠢ ᠪᠣᠯᠪᠠᠰᠤᠷᠠᠯ ᠤᠨ ᠬᠤᠶᠠᠳᠤᠭᠠᠷ ᠰᠤᠷᠭᠠᠭᠤᠯᠢ ᠶᠢᠨ 12 G ᠠᠩᠬᠢ ᠶᠢᠨ ᠰᠤᠷᠤᠭᠴᠢ ᠽ∙ᠪᠠᠲᠤᠴᠡᠴᠡᠭ᠂ ᠳᠡᠳ᠋ ᠪᠠᠶᠢᠷᠢ ᠳᠤ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠶᠢᠨ 12 A ᠠᠩᠬᠢ ᠶᠢᠨ ᠰᠤᠷᠤᠭᠴᠢ ᠪ ∙ ᠦᠰᠬᠦᠪᠠᠶᠠᠷ᠂ ᠭᠤᠷᠪᠠᠳᠤᠭᠠᠷ ᠪᠠᠶᠢᠷᠢ ᠳᠤ ᠶᠡᠷᠦᠩᠬᠡᠢ ᠪᠣᠯᠪᠠᠰᠤᠷᠠᠯ ᠤᠨ ᠲᠠᠪᠤᠳᠤᠭᠠᠷ ᠰᠤᠷᠭᠠᠭᠤᠯᠢ ᠶᠢᠨ 12A ᠠᠩᠬᠢ ᠶᠢᠨ ᠰᠤᠷᠤᠭᠴᠢ ᠽ ∙ ᠵᠢᠪᠰᠤᠨᠳᠤᠯᠮᠠ ᠨᠠᠷ ᠰᠢᠯᠭᠠᠷᠠᠵᠤ ᠱᠠᠩᠨᠠᠯ ᠢᠶᠠᠨ ᠭᠠᠷᠳᠠᠨ ᠠᠪᠤᠯ᠎ᠠ᠃ ᠰᠢᠯᠭᠠᠷᠠᠭᠰᠠᠨ ᠪᠦᠲᠦᠭᠡᠯ ᠦᠳ ᠴᠡᠷᠢᠭ ᠡᠬᠡ ᠣᠷᠣᠨ ᠤ ᠰᠡᠳᠦᠪ ᠢ ᠬᠥᠨᠳᠡᠬᠦ ᠶᠢᠨ ᠵᠡᠷᠭᠡᠴᠡᠭᠡ ᠠᠪᠤ᠂ ᠠᠬ᠎ᠠ ᠬᠦᠮᠦᠨ ᠦ ᠨᠠᠨᠳᠢᠨ ᠰᠠᠶᠢᠬᠠᠨ ᠴᠢᠨᠠᠷ᠂ ᠥᠮᠥᠭ ᠲᠦᠰᠢᠭ᠂ ᠬᠠᠶᠢᠷ᠎ᠠ ᠬᠠᠯᠠᠮᠵᠢ ᠶᠢ ᠢᠯᠡᠭᠦᠦ ᠲᠡᠢ ᠮᠠᠭᠲᠠᠨ ᠳᠠᠭᠤᠯᠠᠭᠰᠠᠨ ᠪᠠᠢᠪᠠ᠃