ᠰᠦᠬᠡᠪᠠᠭᠠᠲᠤᠷ ᠠᠶᠢᠮᠠᠭ ᠲᠤ ᠡᠷᠲᠡᠨ ᠦ ᠲᠡᠦᠬᠡᠨ ᠦᠶ᠎ᠡ ᠳᠦ ᠬᠠᠮᠢᠶᠠᠷᠤᠭᠳᠠᠬᠤ ᠬᠦᠮᠦᠨ ᠴᠢᠯᠠᠭᠤᠨ ᠬᠥᠰᠢᠶ᠎ᠡ ᠣᠯᠠᠨ ᠪᠤᠢ᠃ ᠭᠡᠪᠡᠴᠦ ᠡᠳᠡᠭᠡᠷ ᠦᠨᠡᠲᠦ ᠰᠤᠶᠤᠯ ᠤᠨ ᠥᠪ ᠦᠨ ᠬᠠᠳᠠᠭᠠᠯᠠᠯᠲᠠ᠂ ᠬᠠᠮᠠᠭᠠᠯᠠᠯᠲᠠ ᠬᠠᠩᠭᠠᠯᠲᠠ ᠦᠭᠡᠢ ᠪᠠᠶᠢᠭ᠎ᠠ ᠶᠢ ᠮᠡᠷᠭᠡᠵᠢᠯ ᠦᠨ ᠪᠠᠶᠢᠭᠤᠯᠤᠯᠭ᠎ᠠ ᠨᠤᠭᠤᠳ ᠰᠢᠭᠦᠮᠵᠢᠯᠡᠳᠡᠭ᠃ ᠲᠡᠭᠡᠪᠡᠯ ᠡᠳᠡᠭᠡᠷ ᠬᠦᠮᠦᠨ ᠴᠢᠯᠠᠭᠤᠨ ᠬᠦᠰᠢᠶᠡᠳ ᠢ ᠬᠠᠮᠠᠭᠠᠯᠠᠬᠤ ᠴᠢᠭᠯᠡᠯ ᠢᠶᠡᠷ ︽ᠲᠢᠺᠠ︾ᠲᠦᠷᠺ ᠦᠨ ᠬᠠᠮᠲᠤ ᠶᠢᠨ ᠠᠵᠢᠯᠯᠠᠭᠠᠨ ᠤ ᠵᠣᠬᠢᠴᠠᠭᠤᠯᠬᠤ ᠠᠭᠧᠨᠲᠯᠢᠭ ᠲᠠᠢ ᠬᠠᠮᠲᠤᠷᠠᠨ ᠠᠵᠢᠯᠯᠠᠬᠤ ᠪᠠᠷ ᠪᠣᠯᠵᠠᠢ᠃
ᠲᠣᠳᠣᠷᠠᠭᠤᠯᠪᠠᠯ ᠠᠶᠢᠮᠠᠭ ᠤᠨ ᠵᠠᠰᠠᠭ ᠳᠠᠷᠤᠭ᠎ᠠ ᠮ∙ᠢᠳᠡᠷᠪᠠᠲᠤ ᠲᠤᠰ ᠠᠭᠧᠨᠲᠯᠢᠭ ᠤᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠡᠮᠷᠠᠾ ᠤᠰᠲ᠋ᠠᠦ᠋ᠮᠸᠷ ᠲᠡᠢ ᠠᠯᠪᠠᠨ ᠶᠣᠰᠣᠨ ᠤ ᠠᠭᠤᠯᠵᠠᠯᠲᠠ ᠬᠢᠬᠦ ᠦᠶ᠎ᠡ ᠪᠡᠷ ᠢᠶᠡᠨ ᠳᠡᠭᠡᠷᠡᠬᠢ ᠰᠠᠨᠠᠯ ᠢ ᠲᠠᠯᠪᠢᠵᠤ᠂ ᠤᠯᠠᠮ ᠢᠶᠠᠷ ᠬᠠᠮᠲᠤᠷᠠᠬᠤ ᠪᠠᠷ ᠪᠣᠯᠵᠠᠢ᠃ ᠲᠡᠭᠦᠨᠴᠢᠯᠡᠨ ᠠᠶᠢᠮᠠᠭ ᠤᠨ ᠨᠢᠭᠡᠳᠦᠭᠰᠡᠨ ᠡᠮᠨᠡᠯᠭᠡ ᠳᠦ ᠨᠡᠩ ᠱᠠᠭᠠᠷᠳᠠᠯᠭ᠎ᠠ ᠲᠠᠢ ᠡᠮᠨᠡᠯᠭᠡ ᠶᠢᠨ ᠲᠣᠨᠣᠭ ᠲᠥᠬᠥᠭᠡᠷᠦᠮᠵᠢ ᠨᠡᠶᠢᠯᠡᠭᠦᠯᠬᠦ᠂ ᠪᠡᠯᠴᠢᠭᠡᠷ ᠦᠨ ᠤᠰᠤᠨ ᠬᠠᠩᠭᠠᠮᠵᠢ ᠶᠢ ᠰᠠᠶᠢᠵᠢᠷᠠᠭᠤᠯᠬᠤ᠂ ᠤᠰᠤ ᠴᠡᠪᠡᠷᠰᠢᠭᠦᠯᠬᠦ ᠲᠥᠬᠥᠭᠡᠷᠦᠮᠵᠢ ᠨᠡᠶᠢᠯᠡᠭᠦᠯᠬᠦ ᠵᠡᠷᠭᠡ ᠲᠥᠰᠥᠯ ᠦᠳ ᠢ ᠪᠦᠬᠦ ᠲᠠᠯ᠎ᠠ ᠪᠠᠷ ᠢᠶᠠᠨ ᠳᠡᠮᠵᠢᠵᠦ᠂ ᠬᠥᠷᠥᠩᠭᠡ ᠣᠷᠣᠭᠤᠯᠤᠯᠲᠠ ᠶᠢ ᠰᠢᠢᠳᠪᠦᠷᠢᠯᠡᠬᠦ ᠪᠡᠨ ᠢᠯᠡᠷᠬᠡᠶᠢᠯᠡᠭᠰᠡᠨ ᠪᠠᠶᠢᠨ᠎ᠠ᠃