ᠰᠤᠶᠤᠯ ᠤᠨ ᠰᠠᠶᠢᠳ ᠴᠢᠯᠦᠭᠡᠲᠦ ᠤᠷᠠᠨ ᠪᠦᠲᠦᠭᠡᠯᠴᠢᠳ  ᠲᠡᠢ ᠠᠭᠤᠯᠵᠠᠯ᠎ᠠ  | News.MN

ᠰᠤᠶᠤᠯ ᠤᠨ ᠰᠠᠶᠢᠳ ᠴᠢᠯᠦᠭᠡᠲᠦ ᠤᠷᠠᠨ ᠪᠦᠲᠦᠭᠡᠯᠴᠢᠳ  ᠲᠡᠢ ᠠᠭᠤᠯᠵᠠᠯ᠎ᠠ 

ᠰᠤᠶᠤᠯ ᠤᠨ ᠰᠠᠶᠢᠳ ᠴ∙ᠨᠣᠮᠢᠨ ᠴᠢᠯᠦᠭᠡᠲᠦ ᠤᠷᠠᠨ ᠪᠦᠲᠦᠭᠡᠯᠴᠢᠳ ᠦᠨ ᠲᠥᠯᠥᠭᠡᠯᠡᠯ ᠲᠡᠢ ᠥᠨᠥᠳᠥᠷ ᠠᠭᠤᠯᠵᠠᠵᠤ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠢ ᠬᠥᠭᠵᠢᠭᠦᠯᠬᠦ ︽ᠮᠣᠩᠭᠣᠯ ᠰᠤᠶᠤᠯ᠂ ᠮᠣᠩᠭᠣᠯ ᠪᠠᠶᠠᠯᠢᠭ︾ᠲᠥᠰᠥᠯ ᠦᠨ ᠲᠠᠯ᠎ᠠ ᠪᠠᠷ ᠲᠠᠨᠢᠯᠴᠠᠭᠤᠯᠤᠯ᠎ᠠ᠃ ᠡᠨᠡᠬᠦ ᠲᠥᠰᠥᠯ ᠦᠨ ᠰᠲᠷᠠᠲ᠋ᠧᠭᠢ ᠲᠥᠯᠥᠪᠯᠡᠭᠡ ᠶᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠪᠠᠲᠤᠯᠠᠵᠤ ᠬᠡᠷᠡᠭᠵᠢᠭᠦᠯᠬᠦ᠂ ᠬᠠᠤᠯᠢ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ᠂ ᠱᠠᠭᠠᠷᠳᠠᠯᠭ᠎ᠠ ᠲᠠᠢ ᠰᠠᠩᠬᠦᠦᠵᠢᠯᠲᠡ ᠶᠢ ᠵᠢᠯ ᠪᠦᠷᠢ ᠶᠢᠨ ᠤᠯᠤᠰ ᠤᠨ ᠲᠥᠰᠥᠪ ᠲᠦ ᠲᠤᠰᠬᠠᠵᠤ ᠪᠠᠶᠢᠬᠤ ᠪᠠᠷ ᠪᠣᠯᠤᠭᠰᠠᠨ ᠶᠤᠮ᠃
ᠠᠭᠤᠯᠵᠠᠯᠲᠠ ᠪᠠᠷ ᠤᠷᠠᠨ ᠪᠦᠲᠦᠭᠡᠯᠴᠢᠳ ᠦᠨ  ᠦᠷᠢᠰᠦᠯᠳᠦᠬᠦ ᠴᠢᠳᠠᠪᠤᠷᠢ ᠶᠢ ᠨᠡᠮᠡᠭᠳᠡᠭᠦᠯᠬᠦ᠂ ᠣᠯᠠᠨ ᠤᠯᠤᠰ᠂ ᠪᠥᠰᠡ ᠨᠤᠲᠤᠭ᠂ ᠦᠨᠳᠦᠰᠦᠨ ᠦ ᠬᠡᠮᠵᠢᠶᠡᠨ ᠦ ᠨᠡᠷ᠎ᠡ ᠬᠦᠨᠳᠦ ᠲᠡᠢ ᠤᠷᠤᠯᠳᠤᠭᠠᠨ᠂ ᠨᠠᠭᠠᠳᠤᠮ ᠢ ᠪᠤᠢ ᠪᠣᠯᠭᠠᠬᠤ᠂ ᠵᠣᠬᠢᠶᠠᠭᠴᠢ ᠶᠢᠨ ᠡᠷᠬᠡ ᠶᠢ ᠬᠠᠮᠠᠭᠠᠯᠠᠬᠤ᠂ ᠬᠠᠤᠯᠢ ᠡᠷᠬᠡ ᠵᠦᠢ ᠶᠢᠨ ᠣᠷᠴᠢᠨ ᠤ ᠵᠣᠬᠢᠴᠠᠭᠤᠯᠤᠯᠲᠠ ᠶᠢᠨ ᠲᠠᠯ᠎ᠠ ᠪᠠᠷ ᠰᠠᠨᠠᠯ ᠰᠤᠯᠢᠯᠴᠠᠪᠠ᠃ ᠡᠨᠡ ᠤᠳᠠᠭ᠎ᠠ ᠶᠢᠨ ᠠᠭᠤᠯᠵᠠᠯᠲᠠ ᠬᠡᠯᠡᠯᠴᠡᠭᠦᠯᠭᠡ ᠳᠦ ᠢᠷᠠᠭᠤ ᠨᠠᠶᠢᠷᠠᠭᠴᠢ ᠦ᠊∙ᠬᠦᠷᠡᠯᠪᠠᠭᠠᠲᠤᠷ᠂ ᠳᠠᠭᠤᠴᠢᠨ ᠳ∙ᠪᠣᠯᠣᠳ᠂ ᠬᠠᠷᠠᠩᠭ᠎ᠠ ᠬᠠᠮᠲᠤᠯᠢᠭ ᠤᠨ ᠭᠢᠲ᠋ᠠᠷᠴᠢᠨ∙ ᠴᠢᠯᠠᠭᠤᠨᠪᠠᠲᠤ᠂ ᠬᠥᠭᠵᠢᠮ ᠦᠨ ᠵᠣᠬᠢᠶᠠᠯᠴᠢ ᠲ∙ ᠰᠸᠷᠠᠤᠳᠤ᠂ MMCG ᠰᠤᠳᠤᠯᠭᠠᠨ ᠤ ᠺᠣᠮᠫᠠᠨᠢ ᠶᠢᠨ ᠭᠦᠢᠴᠡᠳᠭᠡᠬᠦ ᠵᠠᠬᠢᠷᠤᠯ ᠳ ∙ᠪᠤᠮᠡᠷᠳᠡᠨᠢ ᠨᠠᠷ ᠣᠷᠣᠯᠴᠠᠯ᠎ᠠ᠃

 

ᠰᠡᠳᠬᠢᠭᠳᠡᠯ ᠦᠯᠡᠳᠡᠭᠡᠬᠦ