ᠳᠡᠭᠡᠳᠦᠰ ᠦᠨ ᠢᠶᠡᠨ ᠲᠡᠦᠬᠡ ᠶᠢ ᠦᠷᠭᠦᠯᠵᠢᠯᠡᠭᠦᠯᠦᠨ᠎ᠡ ᠭᠡᠳᠡᠭ ᠲᠦ ᠢᠲᠡᠭᠡᠯ ᠲᠡᠢ ᠪᠠᠶᠢᠨ᠎ᠠ  | News.MN

ᠳᠡᠭᠡᠳᠦᠰ ᠦᠨ ᠢᠶᠡᠨ ᠲᠡᠦᠬᠡ ᠶᠢ ᠦᠷᠭᠦᠯᠵᠢᠯᠡᠭᠦᠯᠦᠨ᠎ᠡ ᠭᠡᠳᠡᠭ ᠲᠦ ᠢᠲᠡᠭᠡᠯ ᠲᠡᠢ ᠪᠠᠶᠢᠨ᠎ᠠ 

 

ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠨᠠᠦᠷᠢᠽ ᠤᠨ ᠪᠠᠶᠠᠷ ᠢ ᠲᠣᠬᠢᠶᠠᠯᠳᠤᠭᠤᠯᠤᠨ ᠬᠠᠰᠠᠭ ᠲᠦᠮᠡᠨ ᠳᠦ ᠪᠡᠨ ᠮᠡᠨᠳᠦᠴᠢᠯᠡᠭᠡ ᠳᠡᠪᠰᠢᠭᠦᠯᠦᠯ᠎ᠡ᠃
ᠡᠪᠦᠯ ᠢ ᠥᠩ ᠲᠡᠢ ᠳᠠᠪᠠᠵᠤ᠂ ᠤᠷᠢᠨ ᠬᠠᠪᠤᠷ ᠲᠠᠢ ᠤᠴᠠᠷᠠᠨ ᠵᠣᠯᠭᠠᠭᠰᠠᠨ ᠤ ᠢᠷᠦᠭᠡᠯ ᠪᠣᠯᠭᠠᠵᠤ᠂ ᠨᠠᠦᠷᠢᠽ ᠤᠨ ᠪᠠᠶᠠᠷ ᠤᠨ ᠮᠡᠨᠳᠦ ᠶᠢ ᠮᠣᠩᠭᠣᠯ ᠤᠯᠤᠰ ᠤᠨ ᠳᠥᠷᠪᠡᠨ ᠵᠦᠭ᠂ ᠨᠠᠢ᠌ᠮᠠᠨ ᠵᠣᠪᠬᠢᠰ ᠲᠤ ᠠᠮᠢᠳᠤᠷᠠᠨ ᠰᠠᠭᠤᠭ᠎ᠠ ᠬᠠᠰᠠᠭ ᠲᠦᠮᠡᠨ ᠳᠦ ᠪᠡᠨ ᠳᠡᠪᠰᠢᠭᠦᠯᠦᠶ᠎ᠡ᠃  ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ 2010 ᠣᠨ ᠤ ᠶᠡᠷᠦᠩᠬᠡᠢ ᠠᠰᠰᠠᠮᠪᠯᠧᠢ ᠶᠢᠨ ᠴᠢᠭᠤᠯᠭᠠᠨ ᠢᠶᠠᠷ ᠢᠶᠠᠨ︽ᠣᠯᠠᠨ ᠤᠯᠤᠰ ᠤᠨ ᠨᠠᠦᠷᠢᠽ ᠤᠨ ᠡᠳᠦᠷ︾ ᠍ ᠢ ᠳᠡᠯᠡᠬᠡᠢ ᠳᠠᠶᠠᠭᠠᠷ ᠲᠡᠮᠳᠡᠭᠯᠡᠨ ᠥᠩᠭᠡᠷᠡᠭᠦᠯᠬᠦ ᠲᠤᠬᠠᠢ ᠰᠢᠢᠳᠪᠦᠷᠢ ᠭᠠᠷᠭᠠᠭᠰᠠᠨ ᠪᠢᠯᠡ᠃ ᠨᠠᠦᠷᠢᠽ ᠪᠣᠯ ᠬᠦᠮᠦᠨ ᠲᠥᠷᠥᠯᠬᠢᠲᠡᠨ ᠦ ᠰᠤᠶᠤᠯ ᠤᠨ ᠥᠪ ᠤᠯᠠᠮᠵᠢᠯᠠᠯ᠂ ᠰᠤᠶᠤᠯ ᠤᠨ ᠬᠣᠣᠰ ᠦᠭᠡᠢ ᠴᠣᠭᠴᠠ ᠶᠤᠮ᠃
ᠦᠨᠳᠦᠰᠦᠨ ᠦ ᠰᠤᠶᠤᠯ᠂ ᠶᠣᠰᠣ ᠤᠯᠠᠮᠵᠢᠯᠠᠯ ᠢᠶᠠᠨ ᠥᠪᠯᠡᠵᠦ᠂ ᠬᠥᠳᠡᠯᠮᠦᠷᠢ ᠲᠡᠮᠡᠴᠡᠯ ᠦᠨ ᠭᠠᠷᠮᠠᠭᠠᠢ ᠠᠮᠵᠢᠯᠲᠠ ᠪᠠᠷ ᠢᠶᠠᠨ ᠮᠣᠩᠭᠣᠯ ᠤᠯᠤᠰ ᠤᠨ ᠨᠡᠷ᠎ᠡ ᠶᠢ ᠳᠠᠭᠤᠷᠢᠰᠬᠠᠭᠰᠠᠨ ᠲᠥᠷᠥ ᠶᠢᠨ ᠵᠢᠳᠬᠦᠯᠲᠡᠨ᠂ ᠤᠷᠠᠯᠢᠭ ᠰᠤᠶᠤᠯ ᠤᠨ ᠠᠯᠳᠠᠷᠲᠠᠨ᠂ ᠡᠷᠳᠡᠮᠲᠡᠨ ᠮᠡᠷᠭᠡᠳ ᠬᠠᠰᠠᠭᠴᠤᠳ ᠤᠨ ᠳᠤᠮᠳᠠ ᠠᠴᠠ ᠣᠯᠠᠨ ᠢᠶᠠᠷ ᠲᠥᠷᠥᠨ ᠭᠠᠷᠤᠭᠰᠠᠨ᠃ ᠮᠣᠩᠭᠣᠯ ᠤᠯᠤᠰ ᠤᠨ ᠲᠥᠷᠥ ᠲᠦᠮᠡᠨ ᠦ ᠦᠯᠢᠭᠡᠷ ᠳᠠᠭᠤᠷᠢᠶᠠᠯ ᠪᠣᠯᠤᠭᠰᠠᠨ ᠡᠪᠦᠭᠡ ᠳᠡᠭᠡᠳᠦᠰ ᠦᠨ ᠢᠶᠡᠨ ᠪᠠᠬᠠᠷᠬᠠᠮ᠎ᠠ ᠲᠡᠦᠬᠡ ᠶᠢ ᠬᠠᠰᠠᠭ ᠵᠠᠯᠠᠭᠤᠴᠤᠳ ᠮᠠᠨᠢ ᠵᠠᠯᠭᠠᠮᠵᠢᠯᠠᠨ ᠦᠷᠭᠦᠯᠵᠢᠯᠡᠭᠦᠯᠵᠦ᠂ ᠡᠬᠡ ᠣᠷᠣᠨ ᠤ ᠪᠠᠨ ᠬᠥᠭᠵᠢᠯ ᠴᠡᠴᠡᠭᠯᠡᠯᠲᠡ ᠳᠦ ᠵᠢᠩ ᠲᠡᠢ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠪᠦᠷᠢᠨ ᠢᠲᠡᠭᠡᠯᠲᠡᠢ ᠪᠠᠶᠢᠨ᠎ᠠ᠃
ᠨᠡᠶᠢᠲᠡ ᠬᠠᠰᠠᠭ ᠲᠦᠮᠡᠨ ᠮᠢᠨᠢ ᠠᠶᠠᠯᠭᠤᠲᠤ ᠳᠤᠮᠪᠤᠷ ᠢᠶᠠᠨ ᠡᠭᠡᠰᠢᠭᠯᠡᠭᠦᠯᠵᠦ᠂  ᠠᠢᠲ᠋ᠢᠰ ᠳᠠᠭᠤᠤ ᠪᠠᠷ ᠢᠶᠠᠨ  ᠲᠦᠷᠢᠯᠭᠡ ᠡᠷᠭᠦᠨ᠂ ᠠᠶᠢᠯ ᠰᠠᠭᠠᠬᠠᠯᠲᠠ᠂ ᠠᠬᠠᠮᠠᠳ ᠪᠤᠭᠤᠷᠤᠯ  ᠲᠠᠢ ᠪᠠᠨ ᠬᠦᠨᠳᠦᠳᠬᠡᠨ ᠵᠣᠯᠭᠠᠵᠤ᠂ ᠡᠯᠢᠭᠡ ᠪᠡᠷ ᠢᠶᠡᠨ ᠡᠩᠬᠡ ᠠᠮᠤᠷ᠂ ᠲᠥᠷᠥᠯ ᠢᠶᠡᠷ ᠢᠶᠡᠨ ᠲᠦᠪᠰᠢᠨ ᠠᠮᠤᠭᠤᠯᠠᠩ ᠪᠠᠶᠢᠬᠤ ᠶᠢ ᠬᠦᠰᠡᠨ ᠢᠷᠦᠭᠡᠶ᠎ᠡ᠃ ᠬᠥᠬᠡ ᠮᠥᠩᠬᠡ ᠲᠩᠷᠢ ᠶᠢ ᠡᠵᠡᠩᠨᠡᠨ ᠡᠷᠬᠡᠰᠢᠶᠡᠵᠦ᠂ ᠬᠦᠴᠦᠲᠦ ᠵᠢᠭᠦᠷᠲᠡᠨ ᠦ ᠳᠠᠯᠠᠪᠴᠢ ᠪᠠᠷ ᠵᠢᠭᠦᠷᠯᠡᠭᠰᠡᠨ ᠬᠠᠰᠠᠭ ᠵᠣᠨ ᠣᠯᠠᠨ ᠤ ᠦᠢᠯᠡᠰ ᠦᠷᠭᠦᠯᠵᠢ ᠥᠭᠡᠳᠡᠷᠡᠭ᠂ ᠮᠠᠨᠳᠤᠨ ᠪᠠᠳᠠᠷᠠᠵᠤ ᠪᠠᠶᠢᠬᠤ ᠪᠣᠯᠲᠤᠭᠠᠢ᠃

ᠰᠡᠳᠬᠢᠭᠳᠡᠯ ᠦᠯᠡᠳᠡᠭᠡᠬᠦ