ᠳᠤᠮᠳᠠᠴᠢ ᠴᠠᠯᠢᠩ 1.3 ᠰᠠᠶ᠎ᠠ ᠲᠥᠭᠥᠷᠢᠭ ᠪᠣᠯᠵᠤ ᠨᠡᠮᠡᠭᠳᠡᠵᠡᠢ | News.MN

ᠳᠤᠮᠳᠠᠴᠢ ᠴᠠᠯᠢᠩ 1.3 ᠰᠠᠶ᠎ᠠ ᠲᠥᠭᠥᠷᠢᠭ ᠪᠣᠯᠵᠤ ᠨᠡᠮᠡᠭᠳᠡᠵᠡᠢ

 

ᠨᠢᠭᠡ ᠠᠵᠢᠯᠲᠠᠨ ᠳᠤ ᠨᠣᠭᠳᠠᠬᠤ ᠰᠠᠷ᠎ᠠ ᠶᠢᠨ ᠳᠤᠮᠳᠠᠴᠢ ᠴᠠᠯᠢᠩ 2020 ᠣᠨ ᠤ ᠳᠥᠷᠪᠡᠳᠦᠭᠡᠷ ᠤᠯᠠᠷᠢᠯ ᠤᠨ ᠪᠠᠶᠢᠳᠠᠯ ᠢᠶᠠᠷ 1.3 ᠰᠠᠶ᠎ᠠ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 85 ᠮᠢᠩᠭᠠᠨ ᠲᠥᠭᠥᠷᠢᠭ ᠢᠶᠡᠷ ᠨᠡᠮᠡᠭᠳᠡᠵᠡᠢ᠃ ᠡᠭᠦᠨ ᠳᠦ᠄ ᠠᠭᠤᠯᠠ ᠠᠭᠤᠷᠬᠠᠢ᠂ ᠣᠯᠪᠤᠷᠢᠯᠠᠯᠲᠠ ᠂ ᠬᠦᠮᠦᠨ ᠦ ᠡᠷᠡᠭᠦᠯ ᠮᠡᠨᠳᠦ ᠪᠠ ᠨᠡᠶᠢᠭᠡᠮ ᠤᠨ ᠬᠠᠯᠠᠮᠵᠢ᠂ ᠤᠰᠤ ᠬᠠᠩᠭᠠᠮᠵᠢ᠂ ᠪᠣᠬᠢᠷ ᠤᠰᠤ ᠵᠠᠶᠢᠯᠠᠭᠤᠯᠬᠤ ᠰᠢᠰᠲ᠋ᠧᠮ᠂ ᠬᠣᠭ ᠬᠠᠶᠠᠭᠳᠠᠯ ᠤᠨ ᠮᠧᠨᠧᠵᠮᠧᠨᠲ ᠪᠣᠯᠤᠨ ᠴᠡᠪᠡᠷᠯᠡᠬᠦ ᠂ ᠬᠥᠳᠡᠭᠡ ᠠᠵᠤ ᠠᠬᠤᠢ᠂ ᠣᠢ ᠶᠢᠨ ᠠᠵᠤ ᠠᠬᠤᠢ᠂  ᠠᠩ ᠠᠩᠨᠠᠭᠤᠷ ᠂ ᠦᠯᠦ ᠬᠥᠳᠡᠯᠬᠦ ᠬᠥᠷᠥᠩᠭᠡ᠂ ᠪᠣᠯᠪᠠᠰᠤᠷᠠᠯ᠂ ᠤᠷᠠᠯᠢᠭ᠂ ᠦᠵᠡᠪᠦᠷᠢ᠂ ᠲᠣᠭᠯᠠᠭᠠᠮ ᠨᠠᠭᠠᠳᠤᠮ᠂ ᠲᠥᠷᠥ ᠶᠢᠨ ᠤᠳᠤᠷᠢᠳᠤᠯᠭ᠎ᠠ ᠪᠠ ᠪᠠᠲᠤᠯᠠᠨ ᠬᠠᠮᠠᠭᠠᠯᠠᠬᠤ ᠦᠢᠯᠡ ᠠᠵᠢᠯᠯᠠᠭ᠎ᠠ᠂ ᠠᠯᠪᠠᠨ ᠵᠢᠷᠤᠮ ᠤᠨ ᠨᠡᠶᠢᠭᠡᠮ ᠤᠨ ᠬᠠᠮᠠᠭᠠᠯᠠᠯ ᠤᠨ ᠰᠠᠯᠪᠤᠷᠢ ᠳᠤ ᠠᠵᠢᠯᠯᠠᠭᠴᠢᠳ ᠤᠨ ᠰᠠᠷ᠎ᠠ ᠶᠢᠨ ᠳᠤᠮᠳᠠᠴᠢ ᠴᠠᠯᠢᠩ ᠨᠡᠮᠡᠭᠳᠡᠭᠰᠡᠨ ᠨᠢ ᠨᠥᠯᠦᠭᠡᠯᠡᠵᠡᠢ᠃
ᠠᠵᠢᠯᠯᠠᠭᠴᠢᠳ ᠤᠨ ᠰᠠᠷ᠎ᠠ ᠶᠢᠨ ᠳᠤᠮᠳᠠᠴᠢ ᠴᠠᠯᠢᠩ ᠢ ᠰᠠᠯᠪᠤᠷᠢ ᠶᠢᠨ ᠠᠩᠭᠢᠯᠠᠯ ᠢᠶᠠᠷ ᠠᠪᠴᠤ ᠦᠵᠡᠬᠦ ᠳᠦ ᠠᠭᠤᠯᠠ ᠠᠭᠤᠷᠬᠠᠢ᠂ ᠣᠯᠪᠤᠷᠢᠯᠠᠯᠲᠠ ᠶᠢᠨ ᠰᠠᠯᠪᠤᠷᠢ ᠳᠤ ᠠᠵᠢᠯᠯᠠᠭᠴᠢᠳ ᠤᠨ ᠬᠢ ᠬᠠᠮᠤᠭ ᠤᠨ ᠶᠡᠬᠡ ᠪᠤᠶᠤ 3.3 ᠰᠠᠶ᠎ᠠ ᠲᠥᠭᠥᠷᠢᠭ᠂ ᠬᠠᠷᠢᠨ ᠵᠣᠴᠢᠳ ᠪᠠᠭᠤᠳᠠᠯ᠂ ᠪᠠᠶᠢᠷᠢ ᠰᠠᠭᠤᠴᠠ ᠪᠣᠯᠤᠨ ᠨᠡᠶᠢᠲᠡ ᠶᠢᠨ ᠬᠣᠭᠣᠯᠠᠨ ᠤ ᠦᠢᠯᠡᠴᠢᠯᠡᠭᠡᠨ ᠦ ᠰᠠᠯᠪᠤᠷᠢ ᠶᠢᠨ ᠬᠢ ᠬᠠᠮᠤᠭ ᠤᠨ ᠪᠠᠭ᠎ᠠ ᠪᠤᠶᠤ 745.2 ᠮᠢᠩᠭᠠᠨ ᠲᠥᠭᠥᠷᠢᠭ ᠪᠠᠶᠢᠨ᠎ᠠ᠃

ᠰᠡᠳᠬᠢᠭᠳᠡᠯ ᠦᠯᠡᠳᠡᠭᠡᠬᠦ