ᠬᠦᠳᠡᠭᠡ ᠠᠵᠤ ᠠᠬᠤᠢ ᠶᠢ ᠪᠠᠶᠢᠭᠠᠯᠢ ᠠᠴᠠ ᠬᠠᠷᠢᠶᠠᠲᠤ ᠪᠤᠰᠤ  ᠪᠤᠯᠭᠠᠨ᠎ᠠ | News.MN

 ᠬᠦᠳᠡᠭᠡ ᠠᠵᠤ ᠠᠬᠤᠢ ᠶᠢ ᠪᠠᠶᠢᠭᠠᠯᠢ ᠠᠴᠠ ᠬᠠᠷᠢᠶᠠᠲᠤ ᠪᠤᠰᠤ  ᠪᠤᠯᠭᠠᠨ᠎ᠠ

 

ᠠᠭᠤᠷ ᠠᠮᠢᠰᠬᠤᠯ ᠤᠨ ᠨᠣᠭᠣᠭᠠᠨ ᠰᠠᠩ ᠬᠥᠳᠡᠭᠡ ᠠᠵᠤ ᠠᠬᠤᠢ ᠶᠢᠨ ᠰᠠᠯᠪᠤᠷᠢ ᠶᠢ ᠪᠠᠢᠭᠠᠯᠢ ᠶᠢᠨ  ᠬᠠᠷᠢᠶᠠᠲᠤ ᠪᠠᠶᠢᠳᠠᠯ ᠠᠴᠠ ᠭᠠᠷᠭᠠᠬᠤ ᠴᠢᠭᠯᠡᠯ ᠢᠶᠡᠷ ᠮᠣᠩᠭᠣᠯ ᠤᠯᠤᠰ ᠲᠤ 175 ᠰᠠᠶ᠎ᠠ ᠳ᠋ᠣᠯᠯᠠᠷ ᠤᠨ ᠵᠢᠭᠡᠯᠡ ᠣᠯᠭᠤᠬᠤ ᠶᠢ ᠳᠡᠮᠵᠢᠵᠡᠢ᠃ ᠵᠢᠭᠡᠯᠡ ᠶᠢ ᠠᠽᠢᠶ᠎ᠠ ᠶᠢᠨ ᠬᠥᠭᠵᠢᠯ ᠦᠨ ᠪᠠᠩᠬᠢ ᠲᠠᠢ ᠬᠠᠮᠲᠤᠷᠠᠨ ᠬᠡᠷᠡᠭᠵᠢᠭᠦᠯᠵᠦ ᠪᠤᠢ ᠪᠡᠯᠴᠢᠭᠡᠷ ᠦᠨ ᠮᠧᠨᠧᠵᠮᠧᠨᠲ ᠭᠡᠬᠦ ᠮᠡᠲᠦ ᠲᠥᠰᠥᠯ ᠬᠥᠲᠥᠯᠪᠦᠷᠢ ᠨᠦᠭᠦᠳ ᠲᠦ ᠵᠠᠷᠤᠴᠠᠭᠤᠯᠬᠤ ᠶᠤᠮ ᠪᠠᠶᠢᠨ᠎ᠠ᠃

130 ᠰᠠᠶ᠎ᠠ ᠳ᠋ᠣᠯᠯᠠᠷ ᠤᠨ ᠬᠥᠩᠭᠡᠯᠡᠯᠲᠡ ᠲᠡᠢ  ᠵᠢᠭᠡᠯᠡ ᠪᠠ 45 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠠᠴᠠ ᠪᠥᠷᠢᠳᠬᠦ ᠤᠭ ᠵᠢᠭᠡᠯᠡ ᠨᠢ ᠮᠣᠩᠭᠣᠯ ᠳᠤ ᠬᠡᠷᠡᠭᠵᠢᠵᠦ ᠪᠠᠶᠢᠭ᠎ᠠ ᠲᠣᠭᠲᠠᠪᠤᠷᠢᠲᠠᠢ ᠬᠥᠭᠵᠢᠯ ᠦᠨ ᠬᠥᠲᠥᠯᠪᠦᠷᠢ ᠶᠢᠨ 560 ᠰᠠᠶ᠎ᠠ ᠳ᠋ᠣᠯᠯᠠᠷ ᠤᠨ ᠰᠠᠩᠬᠦᠦᠵᠢᠯᠲᠡ ᠶᠢᠨ ᠨᠢᠭᠡ ᠬᠡᠰᠡᠭ ᠶᠤᠮ᠃

ᠰᠡᠳᠬᠢᠭᠳᠡᠯ ᠦᠯᠡᠳᠡᠭᠡᠬᠦ