Tiger ᠪᠠᠭ Renewal ᠨᠡᠷ᠎ᠡ ᠪᠡᠷ ᠲᠣᠭᠯᠠᠨ᠎ᠠ  | News.MN

Tiger ᠪᠠᠭ Renewal ᠨᠡᠷ᠎ᠡ ᠪᠡᠷ ᠲᠣᠭᠯᠠᠨ᠎ᠠ 

 

ᠥᠩᠭᠡᠷᠡᠭᠰᠡᠨ ᠣᠨ ᠳᠤ ᠠᠽᠢᠶ᠎ᠠ ᠲᠢᠪ ᠦᠨ ᠠᠪᠤᠷᠭᠤ ᠪᠣᠯᠤᠭᠰᠠᠨ ᠮᠣᠩᠭᠣᠯ ᠤᠨ ᠴᠠᠬᠢᠮ ᠰᠫᠣᠷᠲ ᠤᠨ Tiger ᠪᠠᠭ ᠡᠨᠡ ᠨᠡᠷ᠎ᠡ ᠪᠡᠷ ᠢᠶᠡᠨ ᠠᠬᠢᠵᠤ ᠲᠡᠮᠡᠴᠡᠭᠡᠨ ᠳᠦ ᠣᠷᠣᠯᠴᠠᠬᠤ ᠦᠭᠡᠢ ᠪᠣᠯᠤᠭᠰᠠᠨ ᠢᠶᠠᠨ ᠮᠡᠳᠡᠭᠳᠡᠭᠰᠡᠨ ᠲᠠᠯ᠎ᠠ ᠪᠠᠷ ᠪᠢᠳᠡ ᠡᠮᠦᠨ᠎ᠡ ᠨᠢ ᠮᠡᠳᠡᠭᠡᠯᠡᠭᠰᠡᠨ᠃ ᠡᠷᠭᠢᠨ ᠰᠠᠨᠠᠭᠤᠯᠬᠤ ᠳᠤ᠂ ᠲᠡᠳᠡᠨ ᠢ ᠥᠩᠭᠡᠷᠡᠭᠰᠡᠨ ᠬᠤᠭᠤᠴᠠᠭᠠᠨ ᠳᠤ ᠬᠢᠲᠠᠳ  ᠤᠨ Tiger ᠪᠠᠶᠢᠭᠤᠯᠤᠯᠭ᠎ᠠ ᠢᠪᠡᠭᠡᠨ ᠲᠡᠳᠬᠦᠳᠡᠭ ᠪᠠᠶᠢᠭᠰᠠᠨ ᠪᠥᠭᠡᠳ ᠲᠡᠳᠡ ᠪᠠᠭ ᠤᠨ ᠢᠶᠠᠨ ᠪᠦᠷᠢᠯᠳᠦᠬᠦᠨ ᠳᠦ ᠶᠠᠮᠠᠷ ᠨᠢᠭᠡ ᠥᠭᠡᠷᠡᠴᠢᠯᠡᠯᠲᠡ ᠣᠷᠣᠭᠤᠯᠬᠤ ᠦᠭᠡᠢ ᠪᠡᠷ ᠰᠢᠨ᠎ᠡ ᠢᠪᠡᠭᠡᠨ ᠲᠡᠳᠬᠦᠭᠴᠢ ᠬᠠᠶᠢᠵᠤ ᠪᠠᠶᠢᠭ᠎ᠠ ᠪᠠᠨ ᠵᠠᠷᠯᠠᠭᠰᠠᠨ ᠶᠤᠮ᠃
ᠪᠠᠭ ᠤᠨ ᠠᠬᠠᠯᠠᠭᠴᠢ ᠪ ∙ᠭᠠᠩᠡᠷᠳᠡᠨᠢ᠄ ᠪᠢᠳᠡ ᠥᠪᠡᠷᠰᠡᠳ ᠢ ᠪᠡᠨ ᠠᠽᠢᠶ᠎ᠠ ᠶᠢᠨ ᠰᠢᠯᠢᠳᠡᠭ ᠪᠠᠭ ᠤᠨ ᠨᠢᠭᠡ ᠭᠡᠳᠡᠭ ᠢᠶᠡᠨ ᠪᠠᠲᠤᠯᠠᠨ ᠬᠠᠷᠠᠭᠤᠯᠤᠭᠰᠠᠨ᠃ ᠪᠢᠳᠡᠨ ᠦ ᠴᠠᠭᠠᠰᠢᠳᠠ ᠶᠢᠨ ᠵᠣᠷᠢᠯᠭ᠎ᠠ ᠳᠡᠯᠡᠬᠡᠢ ᠶᠢᠨ ᠰᠢᠯᠢᠳᠡᠭ ᠪᠠᠭ ᠤᠳ ᠲᠠᠢ ᠥᠷᠢᠰᠦᠯᠳᠦᠵᠦ ᠴᠢᠳᠠᠬᠤᠶᠢᠴᠠ ᠬᠦᠴᠦᠲᠡᠢ ᠪᠠᠭ ᠪᠠᠶᠢᠬᠤ ᠳᠤ ᠣᠷᠣᠰᠢᠨ᠎ᠠ ᠭᠡᠵᠦ ᠪᠠᠢᠭᠰᠠᠨ ᠶᠤᠮ᠃ ᠲᠡᠭᠡᠪᠡᠯ ᠲᠡᠳᠡ Renewal ᠨᠡᠷ᠎ᠡ ᠶᠢᠨ ᠳᠣᠣᠷ᠎ᠠ ᠬᠠᠭᠤᠴᠢᠨ ᠪᠦᠷᠢᠯᠳᠦᠬᠦᠨ ᠢᠶᠡᠷ ᠢᠶᠡᠨ ᠲᠣᠭᠯᠠᠬᠤ ᠪᠠᠷ ᠪᠣᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ