ᠤᠯᠤᠰ ᠤᠨ ᠲᠥᠰᠥᠪ ᠦᠨ ᠠᠯᠳᠠᠭᠳᠠᠯ 112 ᠲᠡᠷᠪᠤᠮ ᠲᠥᠭᠥᠷᠢᠭ ᠪᠠᠶᠢᠨ᠎ᠠ  | News.MN

ᠤᠯᠤᠰ ᠤᠨ ᠲᠥᠰᠥᠪ ᠦᠨ ᠠᠯᠳᠠᠭᠳᠠᠯ 112 ᠲᠡᠷᠪᠤᠮ ᠲᠥᠭᠥᠷᠢᠭ ᠪᠠᠶᠢᠨ᠎ᠠ 

ᠤᠯᠤᠰ ᠤᠨ ᠨᠢᠭᠡᠳᠦᠭᠰᠡᠨ ᠲᠥᠰᠥᠪ ᠦᠨ ᠨᠡᠶᠢᠲᠡ ᠣᠷᠣᠯᠭ᠎ᠠ᠂ ᠲᠤᠰᠠᠯᠠᠮᠵᠢ ᠶᠢᠨ ᠬᠡᠮᠵᠢᠶ᠎ᠡ ᠡᠨᠡ ᠣᠨ ᠤ ᠡᠬᠢᠨ ᠦ ᠬᠣᠶᠠᠷ ᠰᠠᠷ᠎ᠠ ᠶᠢᠨ ᠤᠷᠢᠳᠴᠢᠯᠠᠭᠰᠠᠨ ᠭᠦᠢᠴᠡᠳᠬᠡᠯ ᠢᠶᠡᠷ 1.7 ᠶᠡᠬᠡ ᠨᠠᠶᠤᠳ ᠲᠥᠭᠥᠷᠢᠭ ᠪᠠᠢᠪᠠ᠃ ᠤᠯᠤᠰ ᠤᠨ ᠲᠥᠰᠥᠪ ᠦᠨ 85 ᠬᠤᠪᠢ ᠶᠢ ᠲᠠᠲᠠᠪᠤᠷᠢ ᠶᠢᠨ ᠣᠷᠣᠯᠭ᠎ᠠ ᠪᠦᠷᠢᠳᠦᠭᠦᠯᠳᠡᠭ᠃ ᠲᠠᠲᠠᠪᠤᠷᠢ ᠶᠢᠨ ᠨᠡᠶᠢᠲᠡ ᠣᠷᠣᠯᠭ᠎ᠠ 1.5 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 221 ᠲᠡᠷᠪᠤᠮ ᠲᠥᠭᠥᠷᠢᠭ ᠢᠶᠡᠷ ᠥᠰᠦᠭᠰᠡᠨ ᠪᠠᠶᠢᠨ᠎ᠠ᠃ ᠡᠭᠦᠨ ᠳᠦ ᠣᠷᠣᠯᠭ᠎ᠠ ᠶᠢᠨ ᠠᠯᠪᠠᠨ ᠲᠠᠲᠠᠪᠤᠷᠢ 17᠂ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ 84 ᠬᠤᠪᠢ ᠪᠠᠷ ᠥᠰᠦᠭᠰᠡᠨ ᠨᠢ ᠨᠥᠯᠦᠭᠡᠯᠡᠵᠡᠢ᠃
ᠬᠠᠷᠢᠨ ᠨᠡᠶᠢᠭᠡᠮ ᠤᠨ ᠳᠠᠭᠠᠳᠬᠠᠯ ᠤᠨ ᠣᠷᠣᠯᠭ᠎ᠠ᠂ ᠣᠨᠴᠠᠭᠠᠢ ᠠᠯᠪᠠᠨ ᠲᠠᠲᠠᠪᠤᠷᠢ ᠪᠣᠯᠤᠨ ᠪᠤᠰᠤᠳ ᠲᠠᠲᠠᠪᠤᠷᠢ ᠬᠤᠷᠢᠶᠠᠮᠵᠢ ᠪᠠᠭᠤᠷᠠᠭᠰᠠᠨ ᠪᠠᠶᠢᠨ᠎ᠠ᠃ ᠨᠡᠶᠢᠲᠡ ᠵᠠᠷᠤᠯᠭ᠎ᠠ᠂ ᠡᠷᠭᠢᠵᠦ ᠲᠦᠯᠦᠭᠳᠡᠬᠦ ᠴᠡᠪᠡᠷ ᠵᠢᠭᠡᠯᠡ 1.7 ᠶᠡᠬᠡ ᠨᠠᠶᠤᠳ ᠲᠥᠭᠥᠷᠢᠭ ᠪᠣᠯᠵᠤ᠂ ᠲᠡᠩᠴᠡᠪᠦᠷᠢᠵᠢᠭᠦᠯᠦᠭᠰᠡᠨ ᠨᠡᠶᠢᠲᠡ ᠲᠡᠩᠴᠡᠯ 112 ᠲᠡᠷᠪᠤᠮ ᠲᠥᠭᠥᠷᠢᠭ ᠦᠨ ᠠᠯᠳᠠᠭᠳᠠᠯ ᠲᠠᠢ  ᠭᠠᠷᠴᠠᠢ᠃

ᠰᠡᠳᠬᠢᠭᠳᠡᠯ ᠦᠯᠡᠳᠡᠭᠡᠬᠦ