330.3 ᠲᠡᠷᠪᠤᠮ ᠲᠥᠭᠥᠷᠢᠭ ᠦᠨ ᠵᠢᠭᠡᠯᠡ ᠣᠯᠭᠣᠭᠳᠠᠭᠠᠳ ᠪᠠᠶᠢᠨ᠎ᠠ  | News.MN

330.3 ᠲᠡᠷᠪᠤᠮ ᠲᠥᠭᠥᠷᠢᠭ ᠦᠨ ᠵᠢᠭᠡᠯᠡ ᠣᠯᠭᠣᠭᠳᠠᠭᠠᠳ ᠪᠠᠶᠢᠨ᠎ᠠ 

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠳᠤ ᠰᠠᠩ ᠤᠨ ᠰᠠᠶᠢᠳ ᠪ ∙ᠵᠢᠪᠬᠤᠯᠠᠩ︽ᠡᠷᠡᠭᠦᠯ ᠮᠡᠨᠳᠦ ᠪᠡᠨ ᠬᠠᠮᠠᠭᠠᠯᠠᠵᠤ᠂ ᠡᠳ᠋ ᠍ ᠦᠨ ᠵᠠᠰᠠᠭ ᠢᠶᠠᠨ ᠰᠡᠷᠭᠦᠭᠡᠬᠦ 10 ᠶᠡᠬᠡ ᠨᠠᠶᠤᠳ ᠤᠨ ᠴᠣᠭᠴᠠ ᠲᠥᠯᠥᠪᠯᠡᠭᠡ︾ ᠶᠢᠨ ᠬᠡᠷᠡᠭᠵᠢᠯᠲᠡ ᠶᠢᠨ ᠲᠠᠯ᠎ᠠ ᠪᠠᠷ ᠲᠠᠨᠢᠯᠴᠠᠭᠤᠯᠤᠯ᠎ᠠ᠃ ᠭᠤᠷᠪᠠᠳᠤᠭᠠᠷ ᠰᠠᠷ᠎ᠠ ᠶᠢᠨ 23 ᠍ ᠤ ᠪᠠᠶᠢᠳᠠᠯ ᠢᠶᠠᠷ ᠠᠵᠢᠯ ᠤᠨ ᠪᠠᠶᠢᠷᠢ ᠶᠢ ᠳᠡᠮᠵᠢᠬᠦ  ᠵᠢᠭᠡᠯᠡ᠂ ᠲᠥᠪ ᠪᠠᠩᠬᠢᠨ ᠤ ᠷᠧᠫᠣ ᠰᠠᠩᠬᠦᠦᠵᠢᠯᠲᠡ ᠶᠢᠨ ᠵᠢᠭᠡᠯᠡ ᠪᠣᠯᠤᠨ ᠢᠫᠣᠲ᠋ᠧᠺ ᠤᠨ ᠵᠢᠭᠡᠯᠡ ᠪᠡᠷ ᠨᠡᠶᠢᠲᠡ 330.2 ᠲᠡᠷᠪᠤᠮ ᠲᠥᠭᠥᠷᠢᠭ ᠣᠯᠭᠣᠭᠳᠠᠵᠠᠢ᠃

ᠠᠵᠢᠯ ᠤᠨ ᠪᠠᠶᠢᠷᠢ ᠶᠢ ᠳᠡᠮᠵᠢᠬᠦ ᠵᠢᠭᠡᠯᠡ ᠶᠢᠨ ᠬᠤᠪᠢ ᠳᠤ ᠭᠡᠷ᠎ᠡ ᠪᠠᠶᠢᠭᠤᠯᠤᠭᠰᠠᠨ ᠠᠴᠠ ᠬᠣᠶᠢᠰᠢ ᠠᠵᠢᠯ ᠤᠨ 11 ᠬᠣᠨᠣᠭ ᠤᠨ ᠬᠤᠭᠤᠴᠠᠭᠠᠨ ᠳᠤ ᠪᠠᠩᠬᠢ ᠨᠤᠭᠤᠳ 25.9 ᠮᠢᠩᠭᠠᠨ ᠵᠢᠭᠡᠯᠡᠳᠦᠭᠴᠢ ᠶᠢᠨ 3.8 ᠶᠡᠬᠡ ᠨᠠᠶᠤᠳ ᠲᠥᠭᠥᠷᠢᠭ ᠦᠨ ᠵᠢᠭᠡᠯᠡ ᠶᠢᠨ ᠬᠦᠰᠡᠯᠲᠡ ᠶᠢ ᠬᠦᠯᠢᠶᠡᠨ ᠠᠪᠤᠭᠰᠠᠨ ᠪᠠᠶᠢᠨ᠎ᠠ᠃ ᠤᠯᠠᠮ ᠢᠶᠠᠷ 615 ᠵᠢᠭᠡᠯᠡᠳᠦᠭᠴᠢ ᠳᠦ 41.8 ᠲᠡᠷᠪᠤᠮ ᠲᠥᠭᠥᠷᠢᠭ ᠦᠨ ᠵᠢᠭᠡᠯᠡ ᠣᠯᠭᠤᠯ᠎ᠠ᠃ ᠡᠨᠡ ᠨᠢ ᠪᠢᠽᠢᠨᠧᠰ ᠦᠨ ᠵᠢᠭᠡᠯᠡ ᠰᠤᠳᠤᠯᠵᠤ᠂ ᠰᠢᠢᠳᠪᠦᠷᠢᠯᠡᠬᠦ ᠳᠦ ᠳᠤᠮᠳᠠᠴᠢ ᠪᠠᠷ 30 ᠬᠣᠨᠣᠭ ᠵᠠᠷᠤᠴᠠᠭᠤᠯᠳᠠᠭ ᠵᠢᠱᠢᠭ ᠲᠡᠢ ᠬᠠᠷᠢᠴᠠᠭᠤᠯᠬᠤ ᠳᠤ  ᠵᠢᠭᠡᠯᠡ ᠣᠯᠭᠣᠯᠲᠠ ᠪᠣᠭᠣᠨᠢ ᠬᠤᠭᠤᠴᠠᠭᠠᠨ ᠳᠤ ᠬᠠᠷᠢᠴᠠᠩᠭᠤᠢ ᠰᠠᠶᠢᠨ ᠭᠠᠷᠴᠤ ᠪᠠᠶᠢᠨ᠎ᠠ ᠭᠡᠰᠡᠨ ᠦᠭᠡ ᠶᠤᠮ᠃
ᠪᠠᠩᠬᠢ ᠨᠤᠭᠤᠳ ᠤᠨ ᠣᠯᠭᠤᠭᠰᠠᠨ ᠠᠵᠢᠯ ᠤᠨ ᠪᠠᠶᠢᠷᠢ ᠶᠢ ᠳᠡᠮᠵᠢᠬᠦ ᠵᠢᠭᠡᠯᠡ ᠶᠢᠨ ᠬᠡᠮᠵᠢᠶ᠎ᠡ ᠭᠤᠷᠪᠠᠳᠤᠭᠠᠷ ᠰᠠᠷ᠎ᠠ ᠶᠢᠨ 17 ᠍ ᠤ ᠪᠠᠶᠢᠳᠠᠯ ᠢᠶᠠᠷ 6.1 ᠲᠡᠷᠪᠤᠮ ᠲᠥᠭᠥᠷᠢᠭ ᠪᠠᠶᠢᠭᠰᠠᠨ ᠪᠣᠯ᠂ 22 ᠍ ᠤ ᠮᠡᠳᠡᠭᠡ ᠪᠡᠷ 41.8 ᠲᠡᠷᠪᠤᠮ ᠲᠥᠭᠥᠷᠢᠭ ᠪᠣᠯᠵᠤ ᠬᠤᠷᠳᠤᠴᠠ ᠲᠠᠢ ᠨᠡᠮᠡᠭᠳᠡᠭᠰᠡᠨ ᠪᠠᠶᠢᠨ᠎ᠠ᠃ ᠤᠷᠲᠤ ᠬᠤᠭᠤᠴᠠᠭᠠᠲᠤ ᠷᠧᠫᠣ ᠰᠠᠩᠬᠦᠦᠵᠢᠯᠲᠡ ᠶᠢᠨ ᠵᠢᠭᠡᠯᠡ ᠶᠢᠨ ᠬᠤᠪᠢ ᠳᠤ ᠨᠡᠶᠢᠲᠡ 391.5 ᠲᠡᠷᠪᠤᠮ ᠲᠥᠭᠥᠷᠢᠭ ᠦᠨ ᠬᠦᠰᠡᠯᠲᠡ ᠢᠷᠡᠭᠦᠯᠦᠭᠰᠡᠨ ᠡᠴᠡ 166.9 ᠲᠡᠷᠪᠤᠮ ᠲᠥᠭᠥᠷᠢᠭ ᠢ 1283 ᠢᠷᠭᠡᠨ᠂ ᠠᠵᠤ ᠠᠬᠤᠢ ᠶᠢᠨ ᠨᠢᠭᠡᠴᠡ ᠳᠦ ᠣᠯᠭᠤᠵᠠᠢ᠃ 3 ᠳ᠋ᠤᠭᠠᠷ ᠰᠠᠷ᠎ᠠ ᠶᠢᠨ 22 ᠍ ᠤ ᠡᠳᠦᠷ ᠦᠨ ᠪᠠᠶᠢᠳᠠᠯ ᠢᠶᠠᠷ 361.5 ᠲᠡᠷᠪᠤᠮ ᠲᠥᠭᠥᠷᠢᠭ ᠦᠨ ᠢᠫᠣᠲ᠋ᠧᠺ ᠤᠨ ᠵᠢᠭᠡᠯᠡ ᠶᠢᠨ ᠬᠦᠰᠡᠯᠲᠡ ᠪᠠᠩᠬᠢ ᠨᠤᠭᠤᠳ ᠲᠤ ᠢᠷᠡᠭᠰᠡᠨ ᠡᠴᠡ 1603 ᠢᠷᠭᠡᠨ ᠳᠦ 121.4 ᠲᠡᠷᠪᠤᠮ ᠲᠥᠭᠥᠷᠢᠭ ᠦᠨ ᠵᠢᠭᠡᠯᠡ ᠣᠯᠭᠣᠭᠳᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ