ᠵᠠᠰᠠᠭ ᠤᠨ ᠭᠠᠵᠠᠷ ᠠᠴᠠ ᠭᠠᠷᠭᠠᠭᠰᠠᠨ ᠰᠢᠢᠳᠪᠦᠷᠢ ᠨᠦᠭᠦᠳ  | News.MN

ᠵᠠᠰᠠᠭ ᠤᠨ ᠭᠠᠵᠠᠷ ᠠᠴᠠ ᠭᠠᠷᠭᠠᠭᠰᠠᠨ ᠰᠢᠢᠳᠪᠦᠷᠢ ᠨᠦᠭᠦᠳ 

-︽ᠭᠡᠮᠲᠦ ᠬᠡᠷᠡᠭ᠂ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ ᠲᠤᠬᠠᠢ︾ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠪᠠ᠃
– ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠠᠷᠮᠸᠨᠢᠶ᠎ᠠ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠦᠨ ᠲᠥᠰᠥᠯ ᠢ ᠳᠡᠮᠵᠢᠪᠡ᠃ ᠢᠩᠭᠢᠭᠰᠡᠨ ᠢᠶᠡᠷ ᠠᠨᠠᠭᠠᠬᠤ ᠤᠬᠠᠭᠠᠨ ᠤ ᠴᠢᠭᠯᠡᠯ ᠢᠶᠡᠷ ᠮᠣᠩᠭᠣᠯ  ᠤᠶᠤᠲᠠᠳ ᠢ ᠰᠤᠷᠭᠠᠬᠤ᠂ ᠰᠤᠶᠤᠯ᠂ ᠤᠷᠠᠯᠢᠭ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠰᠡᠷᠭᠦᠭᠡᠬᠦ ᠪᠣᠯᠤᠮᠵᠢ ᠲᠠᠢ ᠪᠣᠯᠵᠤ ᠪᠠᠶᠢᠭ᠎ᠠ ᠶᠤᠮ ᠪᠠᠶᠢᠨ᠎ᠠ᠃
– ᠣᠷᠴᠢᠨ ᠴᠠᠭ ᠤᠨ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠡᠭᠦᠰᠴᠦ ᠬᠥᠭᠵᠢᠭᠰᠡᠨ ᠦ 100 ᠵᠢᠯ ᠦᠨ ᠣᠢ ᠢᠷᠡᠬᠦ ᠠᠷᠪᠠᠳᠤᠭᠠᠷ ᠰᠠᠷ᠎ᠠ ᠳᠤ ᠪᠣᠯᠤᠨ᠎ᠠ᠃ ᠣᠢ ᠶᠢᠨ ᠬᠦᠷᠢᠶᠡᠨ ᠳᠦ ᠣᠯᠠᠨ ᠤᠯᠤᠰ ᠤᠨ ᠪᠣᠯᠪᠠᠰᠤᠷᠠᠯ ᠤᠨ ᠰᠠᠶᠢᠳ ᠨᠠᠷ ᠤᠨ ᠴᠢᠭᠤᠯᠭ᠎ᠠ ᠠᠭᠤᠯᠵᠠᠯᠲᠠ ᠶᠢ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠪᠡ᠃

ᠰᠡᠳᠬᠢᠭᠳᠡᠯ ᠦᠯᠡᠳᠡᠭᠡᠬᠦ