ᠬᠥᠭᠵᠢᠯ ᠦᠨ ᠪᠡᠷᠬᠡᠰᠢᠶᠡᠯ ᠲᠡᠢ 11606 ᠬᠡᠦᠬᠡᠳ  ᠪᠠᠶᠢᠨ᠎ᠠ  | News.MN

ᠬᠥᠭᠵᠢᠯ ᠦᠨ ᠪᠡᠷᠬᠡᠰᠢᠶᠡᠯ ᠲᠡᠢ 11606 ᠬᠡᠦᠬᠡᠳ  ᠪᠠᠶᠢᠨ᠎ᠠ 

ᠮᠣᠩᠭᠣᠯ ᠤᠯᠤᠰ ᠤᠨ ᠬᠡᠮᠵᠢᠶᠡᠨ ᠳᠦ ᠬᠥᠭᠵᠢᠯ ᠦᠨ ᠪᠡᠷᠬᠡᠰᠢᠶᠡᠯ ᠲᠡᠢ 11606 ᠬᠡᠦᠬᠡᠳ ᠪᠠᠶᠢᠨ᠎ᠠ᠃ ᠲᠡᠳᠡᠨ ᠦ 7142 ᠨᠢ ᠪᠣᠯᠪᠠᠰᠤᠷᠠᠯ ᠡᠵᠡᠮᠰᠢᠵᠦ ᠪᠠᠶᠢᠭ᠎ᠠ ᠪᠣᠯ 3000 ᠣᠷᠴᠢᠮ ᠬᠡᠦᠬᠡᠳ ᠭᠡᠷ ᠲᠦ ᠪᠡᠨ ᠠᠪᠤ ᠡᠵᠢ ᠶᠢᠨ ᠢᠶᠡᠨ ᠠᠰᠠᠷᠠᠭᠠᠨ ᠳᠤ ᠪᠠᠶᠢᠨ᠎ᠠ᠃ ᠪᠣᠯᠪᠠᠰᠤᠷᠠᠯ ᠡᠵᠡᠮᠰᠢᠵᠦ ᠪᠠᠶᠢᠭ᠎ᠠ ᠬᠡᠦᠬᠡᠳ ᠦᠳ ᠦᠨ 1720 ᠨᠢ ᠲᠤᠰᠬᠠᠢ ᠰᠤᠷᠭᠠᠭᠤᠯᠢ ᠳᠤ᠂ 402 ᠬᠡᠦᠬᠡᠳ ᠲᠤᠰᠬᠠᠢ ᠴᠡᠴᠡᠷᠯᠢᠭ ᠲᠦ ᠬᠠᠮᠤᠷᠤᠭᠳᠠᠵᠤ ᠪᠠᠶᠢᠭ᠎ᠠ ᠶᠤᠮ᠃ ᠪᠤᠰᠤᠳ ᠬᠡᠦᠬᠡᠳ ᠡᠩ ᠦᠨ ᠰᠤᠷᠭᠠᠭᠤᠯᠢ ᠳᠤ ᠰᠤᠷᠤᠯᠴᠠᠳᠠᠭ᠃ ᠬᠥᠭᠵᠢᠯ ᠦᠨ ᠪᠡᠷᠬᠡᠰᠢᠶᠡᠯ ᠲᠡᠢ ᠬᠡᠦᠬᠡᠳ ᠦᠳ ᠲᠡᠢ ᠠᠵᠢᠯᠯᠠᠳᠠᠭ 584 ᠪᠠᠭᠰᠢ ᠠᠵᠢᠯᠲᠠᠨ ᠪᠠᠶᠢᠨ᠎ᠠ᠃

ᠰᠢᠨ᠎ᠡ ᠪᠡᠷ ᠪᠠᠷᠢᠵᠤ ᠪᠠᠶᠢᠭ᠎ᠠ ᠰᠤᠷᠭᠠᠭᠤᠯᠢ ᠴᠡᠴᠡᠷᠯᠢᠭ ᠦᠨ ᠪᠠᠷᠢᠯᠭ᠎ᠠ ᠨᠤᠭᠤᠳ ᠢ ᠬᠥᠭᠵᠢᠯ ᠦᠨ ᠪᠡᠷᠬᠡᠰᠢᠶᠡᠯ ᠲᠡᠢ ᠬᠡᠦᠬᠡᠳ ᠲᠦ ᠡᠭᠡᠯᠢᠲᠡᠢ ᠪᠠᠶᠢᠬᠤ ᠱᠠᠭᠠᠷᠳᠠᠯᠭ᠎ᠠ ᠲᠠᠯᠪᠢᠵᠤ᠂ ᠳᠡᠳ᠋ ᠪᠦᠲᠦᠴᠡ ᠶᠢ ᠪᠦᠷᠢᠳᠦᠭᠦᠯᠵᠦ ᠪᠠᠶᠢᠨ᠎ᠠ᠃ ᠡᠭᠦᠨ ᠡᠴᠡ ᠭᠠᠳᠠᠨ᠎ᠠ ᠣᠷᠣᠴᠠ ᠭᠠᠷᠴᠠ ᠠᠴᠠ ᠡᠬᠢᠯᠡᠭᠡᠳ ᠬᠠᠭᠤᠴᠢᠨ ᠪᠠᠷᠢᠯᠭ᠎ᠠ ᠣᠪᠶᠧᠺᠲ ᠢ ᠴᠤ ᠲᠤᠨᠤᠭᠯᠠᠬᠤ ᠱᠠᠭᠠᠷᠳᠠᠯᠭ᠎ᠠ ᠲᠤᠯᠭᠠᠷᠠᠵᠤ ᠪᠠᠢᠨ᠎ᠠ᠃ ᠮᠥᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠪᠦᠷᠢ ᠳᠦ ᠬᠥᠭᠵᠢᠯ ᠦᠨ ᠪᠡᠷᠬᠡᠰᠢᠶᠡᠯ ᠲᠡᠢ ᠬᠡᠦᠬᠡᠳ ᠲᠦ ᠵᠣᠷᠢᠭᠤᠯᠤᠭᠰᠠᠨ ᠬᠡᠷᠡᠭᠯᠡᠭᠳᠡᠬᠦᠨ ᠪᠦᠬᠦᠢ ᠲᠠᠩᠬᠢᠮ ᠲᠣᠬᠢᠵᠢᠭᠤᠯᠬᠤ ᠪᠠᠶᠢᠳᠠᠯ ᠢᠶᠠᠷ ᠲᠡᠭᠰᠢ ᠬᠠᠮᠤᠷᠤᠨ ᠰᠤᠷᠭᠠᠬᠤ ᠪᠣᠯᠤᠮᠵᠢ ᠶᠢ ᠪᠦᠷᠢᠳᠦᠭᠦᠯᠬᠦ ᠪᠡᠷ ᠲᠥᠯᠥᠪᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ