ᠰᠡᠴᠡ ᠶᠢᠨ ᠰᠢᠢᠳᠪᠦᠷᠢ ᠶᠢ ᠤᠯᠤᠰ ᠲᠦᠷᠦᠵᠢᠭᠦᠯᠵᠤ ᠪᠠᠶᠢᠨ᠎ᠠ  | News.MN

ᠰᠡᠴᠡ ᠶᠢᠨ ᠰᠢᠢᠳᠪᠦᠷᠢ ᠶᠢ ᠤᠯᠤᠰ ᠲᠦᠷᠦᠵᠢᠭᠦᠯᠵᠤ ᠪᠠᠶᠢᠨ᠎ᠠ 

 

ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠥ᠊∙ᠰᠢᠵᠢᠷ ᠪᠣᠯᠤᠨ ᠶᠡᠷᠦᠩᠬᠡᠶᠢᠯᠡᠭᠴᠢ ᠶᠢᠨ ᠵᠥᠪᠯᠡᠬᠦ ᠯ∙ᠪᠣᠯᠣᠳ᠂ ᠶᠠ᠊∙ᠰᠠᠩᠵᠠᠢᠮᠢᠲᠤᠪ᠂ ᠰ ∙ᠯᠠᠮᠪᠠ ᠨᠠᠷ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠬᠢᠯ᠎ᠡ᠃ ᠥ᠊∙ᠰᠢᠵᠢᠷ᠄ ᠦᠨᠳᠦᠰᠦᠨ ᠬᠠᠤᠯᠢ ᠶᠢᠨ ᠰᠡᠴᠡ ᠡᠴᠡ ᠢᠷᠡᠭᠦᠯᠦᠭᠰᠡᠨ ᠠᠯᠪᠠᠨ ᠪᠢᠴᠢᠭ ᠦᠨ ᠳᠠᠭᠠᠤ ᠶᠡᠷᠦᠩᠬᠡᠶᠢᠯᠡᠭᠴᠢ ᠦᠨᠳᠦᠰᠦᠨ ᠬᠠᠤᠯᠢ ᠶᠢᠨ ᠰᠡᠴᠡ ᠳᠡᠭᠡᠷ᠎ᠡ ᠣᠴᠢᠵᠤ ᠪᠠᠶᠢᠷᠢ ᠰᠠᠭᠤᠷᠢ ᠪᠠᠨ ᠢᠯᠡᠷᠬᠡᠶᠢᠯᠡᠭᠰᠡᠨ᠃ ᠡᠨᠡ ᠨᠢ ᠦᠨᠳᠦᠰᠦᠨ ᠬᠠᠤᠯᠢ ᠶᠢᠨ ᠰᠡᠴᠡ ᠳᠦ ᠨᠦᠯᠦᠭᠡᠯᠡᠬᠦ ᠭᠡᠰᠡᠨ ᠦᠢᠯᠡ ᠠᠵᠢᠯᠯᠠᠭ᠎ᠠ ᠪᠢᠰᠢ᠃ ᠭᠡᠲᠡᠯ᠎ᠡ ᠬᠠᠷᠠᠮᠰᠠᠯᠲᠠᠢ ᠨᠢ ᠡᠭᠦᠨ ᠢ ᠢᠯᠡᠳᠳᠡ ᠵᠣᠬᠢᠶᠠᠨ ᠪᠠᠶᠢᠭᠤᠯᠤᠯᠲᠠ ᠲᠠᠢ ᠪᠠᠷ ᠮᠤᠰᠬᠢᠨ ᠭᠤᠶᠢᠪᠢᠭᠤᠯᠵᠤ ᠪᠠᠶᠢᠨ᠎ᠠ᠃ ᠶᠡᠷᠦᠩᠬᠡᠶᠢᠯᠡᠭᠴᠢ ᠶᠢᠨ ᠰᠣᠩᠭᠣᠭᠤᠯᠢ ᠬᠠᠤᠯᠢ ᠶᠢᠨ ᠳᠠᠭᠠᠤ ᠶᠠᠪᠤᠭᠳᠠᠨ᠎ᠠ᠃

ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢ ᠤᠯᠤᠰ ᠲᠥᠷᠥ ᠶᠢᠨ ᠵᠣᠷᠢᠯᠭ᠎ᠠ ᠪᠠᠷ ᠲᠠᠶᠢᠯᠪᠤᠷᠢᠯᠠᠬᠤ᠂ ᠮᠤᠰᠬᠢᠨ ᠭᠤᠢᠪᠢᠭᠤᠯᠬᠤ ᠶᠠᠪᠤᠳᠠᠯ ᠤᠳ ᠵᠣᠬᠢᠶᠠᠨ ᠪᠠᠶᠢᠭᠤᠯᠤᠯᠲᠠ ᠲᠠᠢ ᠪᠠᠷ ᠦᠷᠭᠦᠯᠵᠢᠯᠡᠵᠦ ᠪᠠᠶᠢᠨ᠎ᠠ᠃ ᠥᠩᠭᠡᠷᠡᠭᠴᠢ ᠪᠠᠰᠠᠩ ᠭᠠᠷᠠᠭ ᠲᠤ ᠪᠣᠯᠤᠭᠰᠠᠨ ᠦᠨᠳᠦᠰᠦᠨ ᠬᠠᠤᠯᠢ ᠶᠢᠨ ᠰᠡᠴᠡ ᠶᠢᠨ ᠪᠠᠭ᠎ᠠ ᠰᠠᠭᠤᠳᠠᠯ ᠤᠨ ᠬᠤᠷᠠᠯᠳᠤᠭᠠᠨ ᠢᠶᠠᠷ ᠭᠠᠷᠤᠭᠰᠠᠨ ᠰᠢᠢᠳᠪᠦᠷᠢ ᠶᠢ ᠮᠥᠨ ᠤᠯᠤᠰ ᠲᠦᠷᠦᠵᠢᠭᠦᠯᠬᠦ᠂ ᠣᠯᠠᠨ ᠨᠡᠶᠢᠲᠡ ᠶᠢ ᠲᠥᠭᠡᠷᠢᠭᠳᠡᠭᠦᠯᠬᠦ ᠳᠦ ᠠᠰᠢᠭᠯᠠᠵᠤ ᠪᠠᠶᠢᠨ᠎ᠠ᠃ ᠮᠥᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠦᠨᠳᠦᠰᠦᠨ ᠬᠠᠤᠯᠢ ᠶᠢᠨ ᠰᠡᠴᠡ ᠶᠢᠨ ᠭᠡᠰᠢᠭᠦᠨ ᠨ᠂ ᠴᠤᠭᠲᠤ ᠶᠢ ᠶᠠᠭᠠᠷᠠᠯᠲᠠᠢ ᠴᠢᠯᠦᠭᠡᠯᠡᠬᠦ ᠠᠰᠠᠭᠤᠳᠠᠯ ᠢ ᠬᠡᠯᠡᠯᠴᠡᠵᠦ ᠪᠠᠶᠢᠭ᠎ᠠ ᠨᠢ ᠬᠠᠤᠯᠢ ᠵᠥᠷᠢᠴᠡᠭᠰᠡᠨ ᠠᠰᠠᠭᠤᠳᠠᠯ ᠭᠡᠪᠡ᠃

ᠰᠡᠳᠬᠢᠭᠳᠡᠯ ᠦᠯᠡᠳᠡᠭᠡᠬᠦ