ᠲᠢᠶᠠᠲ᠋ᠷ ᠤᠨ ᠬᠠᠮᠲᠤ ᠣᠯᠠᠨ ᠤᠨᠯᠠᠢᠨ ᠲᠣᠭᠯᠠᠯᠲᠠ ᠬᠢᠪᠡ  | News.MN

ᠲᠢᠶᠠᠲ᠋ᠷ ᠤᠨ ᠬᠠᠮᠲᠤ ᠣᠯᠠᠨ ᠤᠨᠯᠠᠢᠨ ᠲᠣᠭᠯᠠᠯᠲᠠ ᠬᠢᠪᠡ 

ᠪᠠᠶᠠᠨ-ᠥᠯᠥᠭᠡᠢ ᠠᠶᠢᠮᠠᠭ ᠤᠨ ᠬᠥᠭᠵᠢᠮᠲᠦ ᠳ᠋ᠷᠠᠮ ᠤᠨ ᠬᠠᠮᠲᠤ ᠣᠯᠠᠨ ᠨᠠᠤᠷᠢᠽ ᠤᠨ ᠪᠠᠶᠠᠷ ᠢ ᠲᠣᠬᠢᠶᠠᠯᠳᠤᠭᠤᠯᠤᠨ ᠡᠨᠡ ᠰᠠᠷ᠎ᠠ ᠶᠢᠨ 22 ᠍ ᠳᠦ ᠤᠨᠯᠠᠢᠨ ᠲᠣᠭᠯᠠᠯᠲᠠ ᠬᠢᠯ᠎ᠡ᠃ ᠲᠣᠭᠯᠠᠯᠲᠠ ᠪᠠᠷ ᠬᠠᠰᠠᠭ ᠤᠨ ᠠᠷᠠᠳ ᠲᠦᠮᠡᠨ ᠦ ᠵᠠᠩ ᠵᠠᠩᠰᠢᠯ᠂ ᠤᠯᠠᠮᠵᠢᠯᠠᠯ ᠢ ᠬᠠᠷᠠᠭᠤᠯᠤᠭᠰᠠᠨ ᠪᠣᠭᠣᠨᠢ ᠬᠡᠮᠵᠢᠶᠡᠨ ᠦ ᠵᠦᠴᠦᠭᠡ ᠲᠠᠯᠪᠢᠵᠤ᠂ ᠳᠠᠭᠤᠴᠢᠳ ᠠᠷᠠᠳ ᠤᠨ ᠪᠣᠯᠤᠨ ᠵᠣᠬᠢᠶᠠᠯ ᠤᠨ ᠳᠠᠭᠤᠤ ᠶᠢᠨ ᠳᠡᠭᠡᠵᠢ ᠡᠴᠡ ᠡᠷᠭᠦᠨ ᠪᠠᠷᠢᠯ᠎ᠠ᠃ ᠬᠠᠰᠠᠭ ᠦᠨᠳᠦᠰᠦᠨ ᠦ ᠨᠠᠶᠢᠷᠠᠯ ᠬᠥᠭᠵᠢᠮ ᠪ∙ᠰᠢᠷᠠᠪ ᠤᠨ︽ᠰᠡᠷᠢᠭᠰᠡᠨ ᠲᠠᠯ᠎ᠠ︾᠂ ᠠᠷᠠᠳ ᠤᠨ ᠬᠥᠭᠵᠢᠮ ᠦᠨ ᠠᠶ᠎ᠠ ᠨᠤᠭᠤᠳ ᠢ ᠲᠣᠭᠯᠠᠵᠤ᠂ ᠪᠦᠵᠢᠭᠴᠢᠳ ᠥᠪᠡᠷᠰᠡᠳ ᠦᠨ ᠤᠷᠠᠨ ᠪᠦᠲᠦᠭᠡᠯ ᠦᠳ ᠢᠶᠡᠨ ᠲᠠᠨᠢᠯᠴᠠᠭᠤᠯᠤᠯ᠎ᠠ᠃
ᠤᠯᠤᠰ ᠳᠠᠶᠠᠭᠠᠷ ᠭᠠᠮᠰᠢᠭ ᠠᠴᠠ ᠬᠠᠮᠠᠭᠠᠯᠠᠬᠤ ᠥᠨᠳᠦᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ ᠳᠦ ᠰᠢᠯᠵᠢᠵᠦ᠂ ᠤᠷᠠᠯᠢᠭ ᠰᠤᠶᠤᠯ ᠤᠨ ᠦᠢᠯᠡ ᠠᠵᠢᠯᠯᠠᠭ᠎ᠠ ᠵᠣᠬᠢᠶᠠᠨ ᠪᠠᠶᠢᠭᠤᠯᠬᠤ ᠶᠢ ᠲᠦᠷ ᠬᠣᠷᠢᠭᠯᠠᠭᠰᠠᠨ ᠲᠤᠯᠠ ᠲᠢᠶᠠᠲ᠋ᠷ ᠤᠨ ᠤᠷᠠᠨ ᠪᠦᠲᠦᠭᠡᠯᠴᠢᠳ ᠨᠢᠭᠡ ᠳᠣᠣᠷ᠎ᠠ ᠣᠯᠠᠨ ᠬᠦᠮᠦᠨ ᠴᠤᠭᠯᠠᠭᠤᠯᠬᠤ ᠦᠭᠡᠢ ᠪᠡᠷ ᠢᠷᠭᠡᠳ ᠲᠦ ᠤᠷᠠᠨ ᠪᠦᠲᠦᠭᠡᠯ ᠢᠶᠡᠨ ᠴᠠᠬᠢᠮ ᠢᠶᠠᠷ ᠬᠦᠷᠭᠡᠵᠦ ᠪᠠᠶᠢᠭ᠎ᠠ ᠨᠢ ᠡᠨᠡ ᠠᠵᠡᠢ᠃

ᠰᠡᠳᠬᠢᠭᠳᠡᠯ ᠦᠯᠡᠳᠡᠭᠡᠬᠦ