ᠭᠣᠯᠣᠮᠲᠠ ᠪᠠᠩᠬᠢ︽ᠡᠬᠡ ᠳᠡᠯᠡᠬᠡᠢ ᠶᠢᠨ ᠴᠠᠭ︾ ᠲᠤ ᠨᠢᠭᠡᠳᠴᠦ ᠪᠠᠶᠢᠨ᠎ᠠ  | News.MN

ᠭᠣᠯᠣᠮᠲᠠ ᠪᠠᠩᠬᠢ︽ᠡᠬᠡ ᠳᠡᠯᠡᠬᠡᠢ ᠶᠢᠨ ᠴᠠᠭ︾ ᠲᠤ ᠨᠢᠭᠡᠳᠴᠦ ᠪᠠᠶᠢᠨ᠎ᠠ 

 

ᠳᠡᠯᠡᠬᠡᠢ ᠶᠢᠨ ᠪᠠᠶᠢᠭᠠᠯᠢ ᠬᠠᠮᠠᠭᠠᠯᠠᠬᠤ ᠰᠠᠩ ᠠᠴᠠ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠦ ᠬᠤᠪᠢ ᠬᠦᠮᠦᠨ ᠦ ᠣᠶᠢᠯᠠᠭᠠᠯᠲᠠ ᠶᠢ ᠳᠡᠭᠡᠭᠰᠢᠯᠡᠭᠦᠯᠵᠦ᠂ ᠣᠷᠣᠯᠴᠠᠭ᠎ᠠ ᠶᠢ ᠨᠡᠮᠡᠭᠳᠡᠭᠦᠯᠬᠦ ᠵᠣᠷᠢᠯᠭ᠎ᠠ ᠪᠠᠷ ︽ᠡᠬᠡ ᠳᠡᠯᠡᠬᠡᠢ ᠶᠢᠨ ᠴᠠᠭ︾ᠬᠥᠳᠡᠯᠭᠡᠭᠡᠨ ᠢ 2007 ᠣᠨ ᠠᠴᠠ᠂ ᠮᠣᠩᠭᠣᠯ ᠤᠯᠤᠰ ᠲᠤ 2010 ᠣᠨ ᠠᠴᠠ ᠬᠣᠶᠢᠰᠢ ᠵᠢᠯ ᠪᠦᠷᠢ ᠬᠡᠷᠡᠭᠵᠢᠭᠦᠯᠵᠦ ᠢᠷᠡᠭᠰᠡᠨ ᠪᠢᠯᠡ᠃ ᠲᠣᠭᠲᠠᠪᠤᠷᠢᠲᠠᠢ ᠬᠥᠭᠵᠢᠯ ᠦᠨ ᠪᠣᠳᠣᠯᠭ᠎ᠠ ᠶᠢ ᠬᠡᠷᠡᠭᠵᠢᠭᠦᠯᠦᠭᠴᠢ ᠭᠣᠯᠣᠮᠲᠠ ᠪᠠᠩᠭᠢ ᠡᠨᠡ ᠠᠷᠭ᠎ᠠ ᠬᠡᠮᠵᠢᠶ᠎ᠡ ᠶᠢ ᠳᠡᠮᠵᠢᠨ ᠬᠠᠮᠲᠤᠷᠠᠨ ᠠᠵᠢᠯᠯᠠᠬᠤ ᠶᠢᠨ ᠵᠡᠷᠭᠡᠴᠡᠭᠡ  ᠠᠯᠪᠠᠨ ᠭᠠᠵᠠᠷ ᠤᠨ ᠢᠶᠠᠨ ᠴᠠᠬᠢᠯᠭᠠᠨ ᠠᠰᠢᠭᠯᠠᠯᠲᠠ ᠶᠢ ᠪᠠᠭᠤᠷᠠᠭᠤᠯᠤᠨ ᠡᠳᠦᠷ ᠪᠦᠷᠢ 1 ᠴᠠᠭ ᠤᠨ ᠲᠤᠷᠰᠢ ᠭᠡᠷᠡᠯ ᠢᠶᠡᠨ ᠤᠨᠲᠠᠷᠠᠭᠠᠵᠤ᠂ ᠳᠡᠯᠡᠬᠡᠢ ᠶᠢᠨ ᠪᠠᠶᠢᠭᠠᠯᠢ ᠣᠷᠴᠢᠨ ᠤ ᠲᠠᠯ᠎ᠠ ᠶᠢᠨ ᠬᠠᠮᠤᠭ ᠤᠨ ᠲᠣᠮᠣ ᠬᠥᠳᠡᠯᠭᠡᠭᠡᠨ ᠪᠣᠯᠬᠤ ︽ᠡᠬᠡ ᠳᠡᠯᠡᠬᠡᠢ ᠶᠢᠨ ᠴᠠᠭ︾ ᠲᠤ ᠨᠢᠭᠡᠳᠴᠦ ᠪᠠᠶᠢᠨ᠎ᠠ᠃
︽ᠡᠬᠡ ᠳᠡᠯᠡᠬᠡᠢ ᠶᠢᠨ ᠴᠠᠭ︾ᠬᠥᠲᠥᠯᠪᠦᠷᠢ ᠨᠢ ᠨᠢᠭᠡ ᠴᠠᠭ ᠤᠨ ᠲᠤᠷᠰᠢ ᠳᠡᠯᠡᠬᠡᠢ ᠶᠢᠨ ᠪᠦᠬᠦ ᠬᠦᠮᠦᠨ ᠨᠢᠭᠡᠨ ᠵᠡᠷᠭᠡ ᠭᠡᠷᠡᠯ ᠢᠶᠡᠨ ᠤᠨᠲᠠᠷᠠᠭᠠᠬᠤ ᠶᠢ ᠤᠷᠢᠶᠠᠯᠠᠳᠠᠭ ᠪᠥᠭᠡᠳ ᠬᠦᠮᠦᠨ ᠪᠦᠷᠢ ᠡᠷᠴᠢᠮ ᠬᠦᠴᠦᠨ ᠦ ᠦᠢᠯᠡᠳᠪᠦᠷᠢᠯᠡᠯ ᠡᠴᠡ ᠭᠠᠷᠬᠤ ᠬᠦᠯᠡᠮᠵᠢ ᠶᠢᠨ ᠬᠡᠢ ᠶᠢᠨ ᠢᠯᠭᠠᠷᠠᠯ ᠢ ᠪᠠᠭᠤᠷᠠᠭᠤᠯᠬᠤ ᠳᠤ ᠪᠠᠭ᠎ᠠ ᠴᠤ ᠠᠲᠤᠭᠠᠢ ᠬᠤᠪᠢ ᠨᠡᠮᠡᠷᠢ ᠤᠷᠤᠭᠤᠯᠬᠤ ᠪᠣᠯᠤᠮᠵᠢ ᠲᠠᠢ ᠭᠡᠰᠡᠨ ᠤᠳᠬ᠎ᠠ ᠶᠢ ᠢᠯᠡᠷᠬᠡᠶᠢᠯᠡᠳᠡᠭ ᠶᠤᠮ᠃ ᠳᠡᠯᠡᠬᠡᠢ  ᠳ᠋ᠠᠬᠢᠨ ︽ᠡᠬᠡ ᠳᠡᠯᠡᠬᠡᠢ ᠶᠢᠨ ᠴᠠᠭ︾ ᠢᠶᠡᠷ ᠪᠤᠶᠤ ᠵᠢᠯ ᠪᠦᠷᠢ ᠶᠢᠨ ᠭᠤᠷᠪᠠᠳᠤᠭᠠᠷ ᠰᠠᠷ᠎ᠠ ᠶᠢᠨ ᠰᠡᠭᠦᠯ ᠦᠨ ᠪᠢᠮᠪᠠ ᠭᠠᠷᠠᠭ ᠤᠨ 20᠄30 ᠍ ᠳᠦ ᠨᠢᠭᠡ ᠴᠠᠭ ᠤᠨ ᠲᠤᠷᠰᠢ ᠨᠢᠭᠡᠨ ᠵᠡᠷᠭᠡ ᠭᠡᠷᠡᠯ ᠢᠶᠡᠨ ᠤᠨᠲᠠᠷᠠᠭᠠᠳᠠᠭ᠃ ᠡᠭᠦᠨ ᠦ ᠳᠠᠭᠠᠤ ᠡᠨᠡ ᠵᠢᠯ 2021.03.27 ᠍ ᠳᠦ ᠪᠤᠶᠤ ᠡᠨᠡ ᠪᠢᠮᠪᠠ ᠭᠠᠷᠠᠭ ᠲᠤ ᠤᠭ ᠡᠳᠦᠷ ᠲᠣᠬᠢᠶᠠᠵᠤ ᠪᠠᠶᠢᠭ᠎ᠠ ᠪᠥᠭᠡᠳ 20᠄30-21᠄30 ᠴᠠᠭ ᠬᠦᠷᠲᠡᠯ᠎ᠡ ᠬᠦᠮᠦᠨ ᠪᠦᠷᠢ ᠶᠢ ᠭᠡᠷᠡᠯ ᠢᠶᠡᠨ ᠤᠨᠲᠠᠷᠠᠭᠠᠨ ᠂ ᠪᠠᠶᠢᠭᠠᠯᠢ ᠤᠷᠴᠢᠨ ᠳᠤ ᠬᠤᠪᠢ ᠨᠡᠮᠡᠷᠢ ᠪᠡᠨ ᠣᠷᠣᠭᠤᠯᠬᠤ ᠶᠢ ᠤᠷᠢᠶᠠᠯᠠᠵᠤ ᠪᠠᠶᠢᠨ᠎ᠠ᠃ ᠪᠢᠳᠡ ᠭᠡᠷᠡᠯ ᠢᠶᠡᠨ ᠤᠨᠲᠠᠷᠠᠭᠠᠨ᠎ᠠ᠃ ᠬᠠᠷᠢᠨ ᠲᠠ︖

ᠰᠡᠳᠬᠢᠭᠳᠡᠯ ᠦᠯᠡᠳᠡᠭᠡᠬᠦ