ᠲᠠᠵᠢᠺᠰᠲ᠋ᠠᠨ ᠤ ᠬᠥᠯ ᠪᠥᠮᠪᠥᠭᠡ ᠶᠢᠨ ᠬᠣᠯᠪᠣᠭ᠎ᠠ ᠲᠠᠢ ᠬᠠᠮᠲᠤᠷᠠᠨ ᠠᠵᠢᠯᠯᠠᠨ᠎ᠠ  | News.MN

 ᠲᠠᠵᠢᠺᠰᠲ᠋ᠠᠨ ᠤ ᠬᠥᠯ ᠪᠥᠮᠪᠥᠭᠡ ᠶᠢᠨ ᠬᠣᠯᠪᠣᠭ᠎ᠠ ᠲᠠᠢ ᠬᠠᠮᠲᠤᠷᠠᠨ ᠠᠵᠢᠯᠯᠠᠨ᠎ᠠ 

 

ᠮᠣᠩᠭᠣᠯ ᠤᠨ ᠬᠥᠯ ᠪᠥᠮᠪᠥᠭᠡ ᠶᠢᠨ ᠬᠣᠯᠪᠣᠭᠠᠨ ᠤ ᠵᠥᠪᠯᠡᠯ ᠦᠨ ᠭᠡᠰᠢᠭᠦᠨ ᠪ ∙ᠪᠣᠯᠣᠳᠪᠠᠭᠠᠲᠤᠷ᠂ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳ∙ᠲᠡᠷᠡᠪᠠᠭᠠᠲᠤᠷ᠂ ᠲᠧᠭᠨᠢᠭ ᠦᠨ ᠵᠠᠬᠢᠷᠤᠯ ᠪ ∙ᠪᠤᠮᠤᠨ-ᠤᠴᠠᠷᠠᠯ ᠨᠠᠷ ᠦᠨᠳᠦᠰᠦᠨ ᠦ ᠰᠢᠭᠰᠢᠭᠡ ᠪᠠᠭ ᠲᠠᠢ ᠥᠴᠥᠭᠡᠳᠦᠷ ᠨᠢᠭᠡᠳᠦᠭᠰᠡᠨ ᠲᠠᠯ᠎ᠠ ᠪᠠᠷ ᠪᠢᠳᠡ ᠲᠠ ᠪᠦᠬᠦᠨ ᠳᠦ ᠮᠡᠳᠡᠭᠡᠯᠡᠭᠰᠡᠨ ᠪᠢᠯᠡ᠃
ᠮᠣᠩᠭᠣᠯ ᠤᠨ ᠬᠥᠯ ᠪᠥᠮᠪᠥᠭᠡ ᠶᠢᠨ ᠬᠣᠯᠪᠣᠭᠠᠨ ᠤ ᠤᠳᠤᠷᠢᠳᠤᠯᠭ᠎ᠠ ᠨᠠᠷ ᠢ ᠥᠨᠥᠳᠥᠷ ᠲᠠᠵᠢᠺᠰᠲ᠋ᠠᠨ  ᠤ ᠬᠥᠯ ᠪᠥᠮᠪᠥᠭᠡ ᠶᠢᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳ᠋ᠠᠪᠯᠠᠲᠮᠠᠨᠳ᠋ ᠢᠰᠯᠣᠮᠣᠪ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ ᠴᠢᠨᠠᠭᠰᠢᠳᠠ ᠬᠡᠦᠬᠡᠳ ᠦᠨ ᠬᠥᠯ ᠪᠥᠮᠪᠥᠭᠡ ᠪᠣᠯᠤᠨ ᠠᠬᠠᠮᠠᠳ ᠤᠨ ᠬᠥᠯ ᠪᠥᠮᠪᠥᠭᠡ ᠳᠦ ᠬᠠᠮᠲᠤᠷᠠᠨ ᠠᠵᠢᠯᠯᠠᠬᠤ ᠰᠠᠨᠠᠯ ᠢᠶᠠᠨ ᠰᠣᠯᠢᠯᠴᠠᠭᠰᠠᠨ ᠶᠤᠮ᠃ ᠠᠭᠤᠯᠵᠠᠯᠲᠠ ᠶᠢᠨ ᠲᠡᠭᠦᠰᠬᠡᠯ ᠳᠦ ᠥᠨᠥᠳᠥᠷ ᠨᠣᠭᠣᠭᠠᠨ ᠲᠠᠯᠠᠪᠠᠢ ᠳᠤ ᠥᠷᠢᠰᠦᠯᠳᠦᠭᠴᠢᠳ ᠬᠡᠳᠦᠢ ᠴᠤ ᠲᠠᠯᠠᠪᠠᠢ ᠶᠢᠨ ᠭᠠᠳᠠᠨ᠎ᠠ ᠨᠠᠶᠢᠷᠰᠠᠭ ᠬᠠᠮᠲᠤ ᠶᠢᠨ ᠠᠵᠢᠯᠯᠠᠭ᠎ᠠ ᠲᠠᠢ ᠪᠠᠶᠢᠬᠤ ᠪᠠᠷ ᠶᠠᠷᠢᠯᠴᠠᠵᠤ᠂ ᠲᠤᠰ ᠲᠤᠰ ᠤᠨ ᠪᠠᠭ ᠤᠳ ᠲᠤ ᠠᠮᠵᠢᠯᠲᠠ ᠬᠦᠰᠡᠯ᠎ᠡ᠃

ᠰᠡᠳᠬᠢᠭᠳᠡᠯ ᠦᠯᠡᠳᠡᠭᠡᠬᠦ