ᠪ ∙ ᠪᠠᠲᠤᠴᠡᠴᠡᠭ ᠬᠠᠰᠠᠭᠰᠲ᠋ᠠᠨ ᠤ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠪᠠ  | News.MN

ᠪ ∙ ᠪᠠᠲᠤᠴᠡᠴᠡᠭ ᠬᠠᠰᠠᠭᠰᠲ᠋ᠠᠨ ᠤ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠪᠠ 

 

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ 3 ᠳ᠋ᠤᠭᠠᠷ ᠰᠠᠷ᠎ᠠ ᠶᠢᠨ 25 ᠍ ᠤ ᠡᠳᠦᠷ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠵ ∙ ᠠᠳᠢᠯᠪᠠᠶ᠋ᠸᠪ ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠡᠬᠢᠨ ᠳᠦ ᠪ∙ᠪᠠᠲᠤᠴᠡᠴᠡᠭ ᠨᠠᠦᠷᠢᠽ ᠤᠨ ᠪᠠᠶᠠᠷ ᠤᠨ ᠮᠡᠨᠳᠦ ᠶᠢ ᠳᠡᠪᠰᠢᠭᠦᠯᠵᠦ᠂ ᠬᠣᠶᠠᠷ ᠲᠠᠯ᠎ᠠ ᠶᠢᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠵᠦ᠂ ᠬᠤᠳᠠᠯᠳᠤᠭᠠᠨ ᠤ ᠪᠠᠷᠠᠭ᠎ᠠ ᠪᠦᠲᠦᠭᠡᠭᠳᠡᠬᠦᠨ ᠦ ᠨᠡᠷ᠎ᠡ ᠲᠥᠷᠥᠯ ᠢ ᠨᠡᠮᠡᠭᠳᠡᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠶᠢ ᠴᠢᠬᠤᠯᠠᠴᠢᠯᠠᠪᠠ᠃
ᠬᠤᠶᠠᠷ ᠲᠠᠯ᠎ᠠ ᠳᠡᠭᠡᠳᠦ ᠥᠨᠳᠥᠷ ᠲᠦᠪᠰᠢᠨ ᠦ ᠬᠠᠷᠢᠯᠴᠠᠨ ᠠᠶᠢᠯᠴᠢᠯᠠᠯ ᠢ ᠬᠡᠷᠡᠭᠵᠢᠭᠦᠯᠬᠦ ᠪᠣᠯᠤᠮᠵᠢ ᠶᠢ ᠬᠠᠮᠲᠤᠷᠠᠨ ᠰᠤᠳᠤᠯᠬᠤ ᠪᠠᠷ ᠲᠣᠬᠢᠷᠠᠯᠴᠠᠵᠤ᠂ ᠬᠠᠮᠲᠤ ᠶᠢᠨ ᠠᠵᠢᠯᠯᠠᠭᠠᠨ ᠤ ᠥᠨᠥ ᠶᠢᠨ ᠪᠠᠶᠢᠳᠠᠯ᠂ ᠣᠶᠢᠷ᠎ᠠ ᠶᠢᠨ ᠦᠶ᠎ᠡ ᠳᠦ ᠬᠡᠷᠡᠭᠵᠢᠭᠦᠯᠬᠦ ᠠᠵᠢᠯ ᠤᠨ ᠲᠠᠯ᠎ᠠ ᠪᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ