ᠬᠢᠯᠢᠴᠢᠳ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠪᠣᠯᠤᠮᠵᠢ ᠪᠦᠷᠢᠳᠦᠯ᠎ᠡ  | News.MN

ᠬᠢᠯᠢᠴᠢᠳ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠪᠣᠯᠤᠮᠵᠢ ᠪᠦᠷᠢᠳᠦᠯ᠎ᠡ 

 

ᠪᠠᠶᠠᠨ-ᠥᠯᠥᠭᠡᠢ ᠠᠶᠢᠮᠠᠭ ᠳᠠᠬᠢ ᠬᠢᠯᠢ ᠶᠢᠨ 0165 ᠳ᠋ᠤᠭᠠᠷ ᠠᠩᠭᠢ ᠬᠠᠭᠤᠴᠢᠨ ᠰᠫᠣᠷᠲ ᠲᠠᠩᠬᠢᠮ  ᠢᠶᠠᠨ ᠰᠢᠨᠡᠴᠢᠯᠡᠵᠦ᠂ ᠬᠢᠯᠢᠴᠢᠳ ᠲᠦ ᠲᠣᠬᠢᠯᠢᠭ ᠤᠷᠴᠢᠨ ᠳᠤ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠪᠣᠯᠤᠮᠵᠢ ᠪᠦᠷᠢᠳᠦᠭᠦᠯᠦᠯ᠎ᠡ᠃ ᠲᠡᠳᠡ ᠳᠣᠲᠣᠭᠠᠳᠤ ᠨᠥᠭᠡᠴᠡ ᠪᠣᠯᠤᠯᠴᠠᠭᠠᠨ ᠳᠤ ᠲᠤᠯᠭᠠᠭᠤᠷᠢᠯᠠᠨ ᠬᠠᠭᠤᠴᠢᠨ ᠰᠫᠣᠷᠲ ᠲᠠᠩᠬᠢᠮ ᠳᠤ ᠳᠤᠯᠠᠭᠠᠨ ᠬᠠᠳᠠᠭᠠᠯᠠᠯᠲᠠ ᠰᠠᠶᠢᠲᠠᠢ ᠫᠣᠯᠢᠰᠲᠷᠣᠯ ᠱᠠᠯᠠ ᠰᠠᠭᠤᠯᠭᠠᠵᠠᠢ᠃ ᠮᠥᠨ ᠲᠣᠭᠠᠨ ᠰᠠᠮᠪᠠᠷ᠎ᠠ ᠨᠤᠭᠤᠳ  ᠪᠠᠢᠷᠢᠰᠢᠭᠤᠯᠤᠭᠰᠠᠨ ᠪᠠᠶᠢᠨ᠎ᠠ᠃
ᠰᠫᠣᠷᠲ ᠲᠠᠩᠬᠢᠮ ᠤᠨ ᠨᠡᠭᠡᠭᠡᠯᠲᠡ ᠶᠢᠨ ᠦᠢᠯᠡ ᠠᠵᠢᠯᠯᠠᠭᠠᠨ ᠳᠤ ᠪᠠᠶᠠᠨ-ᠥᠯᠥᠭᠡᠢ ᠠᠶᠢᠮᠠᠭ ᠤᠨ ᠦᠨᠳᠦᠰᠦᠨ ᠦ  ᠠᠶᠤᠯᠭᠦᠢ ᠪᠠᠶᠢᠳᠠᠯ ᠢ ᠬᠠᠩᠭᠠᠬᠤ ᠲᠤᠰᠬᠠᠶᠢᠯᠠᠭᠰᠠᠨ ᠡᠭᠦᠷᠭᠡ ᠪᠦᠬᠦᠢ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠣᠷᠣᠯᠴᠠᠯ᠎ᠠ᠃ ᠡᠨᠡ ᠦᠶ᠎ᠡ ᠪᠡᠷ ᠪᠠᠶᠢᠭᠤᠯᠤᠯᠭ᠎ᠠ ᠨᠤᠭᠤᠳ ᠤᠨ ᠳᠤᠮᠳᠠ ᠰᠠᠭᠰᠤᠨ ᠪᠥᠮᠪᠥᠭᠡ ᠶᠢᠨ ᠨᠥᠬᠥᠷᠰᠡᠭ ᠲᠡᠮᠡᠴᠡᠭᠡᠨ ᠵᠣᠬᠢᠶᠠᠨ ᠪᠠᠶᠢᠭᠤᠯᠪᠠ᠃

ᠰᠡᠳᠬᠢᠭᠳᠡᠯ ᠦᠯᠡᠳᠡᠭᠡᠬᠦ