ᠵᠡᠰ  ᠠᠴᠠ ᠵᠢᠯ ᠳᠦ 2 ᠲᠡᠷᠪᠤᠮ ᠳ᠋ᠣᠯᠯᠠᠷ  ᠤᠯᠬᠤ ᠪᠣᠯᠤᠮᠵᠢ ᠲᠠᠢ | News.MN

ᠵᠡᠰ  ᠠᠴᠠ ᠵᠢᠯ ᠳᠦ 2 ᠲᠡᠷᠪᠤᠮ ᠳ᠋ᠣᠯᠯᠠᠷ  ᠤᠯᠬᠤ ᠪᠣᠯᠤᠮᠵᠢ ᠲᠠᠢ

ᠤᠯᠤᠰ ᠤᠨ ᠶᠡᠬᠡ ᠬᠤᠷᠠᠯ ᠤᠨ ᠬᠦᠨᠳᠦ ᠦᠢᠯᠡᠳᠪᠦᠷᠢᠯᠡᠯ ᠦᠨ ᠳᠡᠳ᠋ ᠬᠣᠷᠢᠶᠠᠨ ᠤ ᠥᠨᠥᠳᠥᠷ ᠦᠨ ᠬᠤᠷᠠᠯᠳᠤᠭᠠᠨ ᠳᠤ ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠶᠠᠮᠤᠨ ᠤ ᠳᠡᠳ᠋ ᠰᠠᠶᠢᠳ ᠣ᠊ ∙ ᠪᠠᠲᠤᠨᠠᠢᠷᠠᠮᠳᠠᠯ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠶᠢᠨ ᠬᠦᠷᠢᠶᠡᠨ ᠳᠦ ᠵᠡᠰ ᠦᠨ ᠪᠠᠶᠠᠵᠢᠮᠠᠯ ᠪᠣᠯᠪᠠᠰᠤᠷᠠᠭᠤᠯᠬᠤ ᠦᠢᠯᠡᠳᠪᠦᠷᠢ᠂ ᠨᠧᠹᠲ ᠬᠢᠮᠢ᠂ ᠺᠣᠺᠰ ᠬᠢᠮᠢ᠂ ᠮᠧᠲ᠋ᠠᠯᠯᠦ᠋ᠷᠭᠢ ᠶᠢᠨ ᠦᠢᠯᠡᠳᠪᠦᠷᠢ᠂ ᠨᠡᠭᠦᠷᠡᠰᠦ ᠤᠬᠢᠶᠠᠬᠤ ᠦᠢᠯᠡᠳᠪᠦᠷᠢ᠂ ᠨᠡᠭᠦᠷᠡᠰᠦ ᠬᠢᠮᠢ᠂ ᠨᠡᠭᠦᠷᠡᠰᠦ ᠡᠷᠴᠢᠮ ᠬᠦᠴᠦ᠂ ᠮᠧᠲ᠋ᠠᠨ ᠬᠡᠢ ᠶᠢᠨ ᠦᠢᠯᠡᠳᠪᠦᠷᠢᠯᠡᠯ᠂ ᠲᠧᠭᠨᠣᠯᠣᠭᠢ ᠶᠢᠨ ᠫᠠᠷᠺ᠂  ᠭᠠᠩ ᠲᠡᠮᠦᠷᠯᠢᠭ ᠦᠨ ᠦᠢᠯᠡᠳᠪᠦᠷᠢ᠂ ᠵᠣᠩᠰᠢ ᠪᠠᠶᠠᠵᠢᠭᠤᠯᠬᠤ ᠦᠢᠯᠡᠳᠪᠦᠷᠢ᠂ ᠠᠯᠲᠠ ᠴᠡᠪᠡᠷᠰᠢᠭᠦᠯᠬᠦ ᠦᠢᠯᠡᠳᠪᠦᠷᠢ ᠪᠠᠶᠢᠭᠤᠯᠬᠤ ᠪᠠᠷ ᠵᠣᠷᠢᠨ ᠠᠵᠢᠯᠯᠠᠵᠤ ᠪᠤᠢ ᠶᠢ ᠳᠤᠷᠠᠳᠪᠠ᠃

︽ᠡᠷᠳᠡᠨᠢᠲᠦ ᠦᠢᠯᠡᠳᠪᠦᠷᠢ︾ᠢᠰᠦᠯᠳᠦᠭᠰᠡᠨ ᠪᠣᠯᠤᠨ ᠪᠠᠭ᠎ᠠ ᠠᠭᠤᠯᠭ᠎ᠠ ᠲᠠᠢ ᠬᠥᠳᠡᠷ ᠢ HL-SX-EW ᠲᠧᠭᠨᠣᠯᠣᠭᠢ ᠪᠠᠷ ᠪᠣᠯᠪᠠᠰᠤᠷᠠᠭᠤᠯᠵᠤ᠂ ᠵᠢᠯ ᠳᠦ 10 ᠮᠢᠩᠭᠠᠨ ᠲᠣᠨ ᠺᠠᠲ᠋ᠣᠳ᠋ ᠍ ᠤᠨ ᠵᠡᠰ ᠦᠢᠯᠡᠳᠪᠦᠷᠢᠯᠡᠬᠦ ᠦᠢᠯᠡᠳᠪᠦᠷᠢ ᠶᠢ 2022 ᠣᠨ ᠳᠤ᠂ ᠲᠤᠰ︽ᠡᠷᠳᠡᠨᠢᠲᠦ ᠦᠢᠯᠡᠳᠪᠦᠷᠢ︾ᠵᠡᠰ ᠦᠨ ᠪᠠᠶᠠᠵᠢᠮᠠᠯ ᠳᠤ ᠲᠤᠯᠭᠠᠭᠤᠷᠢᠯᠠᠨ ᠵᠢᠯ ᠳᠦ 124.1 ᠮᠢᠩᠭᠠᠨ ᠲᠣᠨ ᠺᠠᠲ᠋ᠣᠳ᠋ ᠍ ᠤᠨ ᠵᠡᠰ ᠦᠢᠯᠡᠳᠪᠦᠷᠢᠯᠡᠬᠦ ᠬᠦᠴᠦᠨ ᠴᠢᠳᠠᠯ ᠲᠠᠢ ᠦᠢᠯᠡᠳᠪᠦᠷᠢ ᠶᠢ 2025 ᠣᠨ ᠳᠤ ᠠᠰᠢᠭᠯᠠᠯᠲᠠ ᠳᠤ ᠣᠷᠣᠭᠤᠯᠬᠤ ᠪᠠᠷ ᠠᠵᠢᠯᠯᠠᠵᠤ ᠪᠠᠶᠢᠭ᠎ᠠ ᠠᠵᠠᠢ᠃ ᠮᠥᠨ ᠤᠭ᠍ᠶᠤᠲᠤᠯᠤᠭᠠᠢ ᠶᠢᠨ ᠵᠡᠰ ᠦᠨ ᠪᠠᠶᠠᠵᠢᠮᠠᠯ ᠢ ᠳᠣᠲᠣᠭᠠᠳᠤ ᠳᠤ ᠪᠠᠨ ᠪᠣᠯᠪᠠᠰᠤᠷᠠᠭᠤᠯᠤᠨ ᠺᠠᠲ᠋ᠣᠳ᠋ ᠍ ᠤᠨ ᠵᠡᠰ ᠦᠢᠯᠡᠳᠪᠦᠷᠢᠯᠡᠵᠦ᠂ ᠡᠺᠰᠫᠣᠷᠲ ᠤᠨ ᠣᠷᠣᠯᠭ᠎ᠠ ᠶᠢ ᠨᠡᠮᠡᠬᠦ ᠪᠡᠷ ᠲᠥᠯᠥᠪᠯᠡᠵᠦ ᠪᠠᠶᠢᠨ᠎ᠠ᠃ ᠢᠩᠭᠢᠭᠰᠡᠨ ᠢᠶᠡᠷ ᠺᠠᠲ᠋ᠣᠳ᠋ ᠍ ᠤᠨ ᠵᠡᠰ ᠦᠨ ᠡᠺᠰᠫᠣᠷᠲ ᠠᠴᠠ ᠵᠢᠯ ᠳᠦ 2 ᠲᠡᠷᠪᠤᠮ ᠳ᠋ᠣᠯᠯᠠᠷ ᠤᠨ ᠣᠷᠣᠯᠭ᠎ᠠ ᠤᠯᠬᠤ ᠪᠣᠯᠤᠮᠵᠢ ᠲᠠᠢ ᠪᠣᠯᠤᠨ᠎ᠠ ᠬᠡᠮᠡᠪᠡ᠃

ᠰᠡᠳᠬᠢᠭᠳᠡᠯ ᠦᠯᠡᠳᠡᠭᠡᠬᠦ