ᠮᠣᠩᠭᠣᠯ ᠴᠸᠬᠤ᠋ ᠶᠢᠨ ᠬᠤᠳᠠᠯᠳᠤᠭᠠᠨ ᠤ ᠡᠳᠦᠷ  ᠢ ᠴᠠᠬᠢᠮ ᠢᠶᠠᠷ ᠲᠡᠮᠳᠡᠭᠯᠡᠨ᠎ᠡ  | News.MN

ᠮᠣᠩᠭᠣᠯ ᠴᠸᠬᠤ᠋ ᠶᠢᠨ ᠬᠤᠳᠠᠯᠳᠤᠭᠠᠨ ᠤ ᠡᠳᠦᠷ  ᠢ ᠴᠠᠬᠢᠮ ᠢᠶᠠᠷ ᠲᠡᠮᠳᠡᠭᠯᠡᠨ᠎ᠡ 

ᠮᠣᠩᠭᠣᠯ ᠤᠯᠤᠰ ᠲᠤ ᠰᠠᠭᠤᠭ᠎ᠠ ᠴᠸᠬᠤ᠋  ᠤᠯᠤᠰ ᠍ ᠤᠨ ᠡᠯᠴᠢᠨ ᠰᠠᠶᠢᠳ ᠤᠨ ᠶᠠᠮᠤᠨ᠂ ᠲᠤᠰ ᠤᠯᠤᠰ ᠤᠨ ᠡᠳ᠋ ᠍ ᠦᠨ ᠵᠠᠰᠠᠭ ᠤᠨ ᠲᠠᠩᠬᠢᠮ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠴᠸᠬᠤ᠋ ᠮᠣᠩᠭᠣᠯ ᠤᠨ ᠬᠤᠳᠠᠯᠳᠤᠭᠠᠨ ᠤ ᠲᠠᠩᠬᠢᠮ ᠬᠠᠮᠲᠤᠷᠠᠨ ᠬᠣᠶᠠᠷ ᠣᠷᠣᠨ ᠤ ᠬᠤᠳᠠᠯᠳᠤᠭᠠᠨ ᠤ ᠡᠳᠦᠷ ᠦᠳ ᠢ ᠴᠠᠬᠢᠮ ᠢᠶᠠᠷ ᠵᠣᠬᠢᠶᠠᠨ ᠪᠠᠶᠢᠭᠤᠯᠬᠤ ᠲᠠᠯ᠎ᠠ ᠪᠠᠷ ᠮᠡᠳᠡᠭᠡᠯᠡᠯ᠎ᠡ᠃
ᠬᠣᠶᠠᠷ ᠤᠯᠤᠰ ᠤᠨ ᠬᠣᠭᠣᠷᠣᠨᠳᠣ ᠶᠢᠨ ᠬᠤᠳᠠᠯᠳᠤᠭ᠎ᠠ ᠶᠢ ᠳᠡᠮᠵᠢᠬᠦ ᠵᠣᠷᠢᠯᠭ᠎ᠠ ᠪᠠᠷ ᠡᠨᠡ ᠰᠠᠷ᠎ᠠ ᠶᠢᠨ 31 ᠍ ᠳᠦ ᠪᠣᠯᠬᠤ ᠡᠬᠢᠨ ᠦ ᠠᠭᠤᠯᠵᠠᠯᠲᠠᠨ ᠳᠤ ᠪᠠᠷᠢᠯᠭ᠎ᠠ᠂  ᠬᠦᠳᠡᠭᠡ ᠠᠵᠤ ᠠᠬᠤᠢ᠂ ᠡᠷᠴᠢᠮ ᠬᠦᠴᠦ᠂ ᠡᠮᠨᠡᠯᠭᠡ ᠶᠢᠨ ᠲᠣᠨᠣᠭ ᠲᠥᠬᠥᠭᠡᠷᠦᠮᠵᠢ᠂ ᠤᠰᠤ᠂ ᠬᠣᠭ ᠬᠠᠶᠠᠭᠳᠠᠯ ᠤᠨ ᠮᠧᠨᠧᠵᠮᠧᠨᠲ᠂ ᠲᠡᠭᠡᠭᠡᠪᠦᠷᠢ ᠯᠤᠵᠢᠰᠲ᠋ᠢᠺ ᠤᠨ ᠴᠢᠭᠯᠡᠯ ᠦᠨ ᠴᠸᠬᠤ᠋ ᠮᠣᠩᠭᠣᠯ ᠤᠨ ᠪᠢᠽᠢᠨᠧᠰ ᠡᠷᠬᠢᠯᠡᠭᠴᠢᠳ  ᠤᠷᠤᠯᠴᠠᠵᠤ᠂ ᠲᠣᠳᠣᠷᠬᠠᠢ ᠰᠠᠨᠠᠯ᠂ ᠡᠷᠢᠯᠲᠡ ᠬᠡᠷᠡᠭᠴᠡᠭᠡᠨ ᠦ ᠲᠠᠯ᠎ᠠ ᠪᠠᠷ ᠶᠠᠷᠢᠯᠴᠠᠬᠤ ᠶᠤᠮ᠃ ᠮᠥᠨ ᠺᠣᠮᠫᠠᠨᠢ ᠲᠤᠰ ᠪᠦᠷᠢ ᠳᠡᠭᠡᠷ᠎ᠡ ᠭᠠᠭᠴᠠᠭᠠᠷᠴᠢᠯᠠᠭᠰᠠᠨ ᠬᠠᠷᠢᠯᠴᠠᠨ B2B ᠠᠭᠤᠯᠵᠠᠯᠲᠠ ᠬᠢᠨ᠎ᠡ᠃

ᠰᠡᠳᠬᠢᠭᠳᠡᠯ ᠦᠯᠡᠳᠡᠭᠡᠬᠦ