ᠰ∙ᠵᠣᠷᠢᠭ  ᠤᠨ ᠬᠡᠷᠡᠭ  ᠢ ᠢᠯᠡ ᠪᠣᠯᠭᠠᠬᠤ  ᠶᠢ ᠬᠦᠰᠡᠯ᠎ᠡ  | News.MN

ᠰ∙ᠵᠣᠷᠢᠭ  ᠤᠨ ᠬᠡᠷᠡᠭ  ᠢ ᠢᠯᠡ ᠪᠣᠯᠭᠠᠬᠤ  ᠶᠢ ᠬᠦᠰᠡᠯ᠎ᠡ 

 

ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠨᠡᠷ᠎ᠡ ᠪᠦᠬᠦᠢ 13 ᠥᠮᠥᠭᠡᠯᠡᠭᠴᠢ ᠡᠴᠡ ᠢᠷᠡᠭᠦᠯᠦᠭᠰᠡᠨ ᠬᠦᠰᠡᠯᠲᠡ ᠶᠢᠨ ᠳᠠᠭᠠᠤ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠥ᠊ ∙ ᠰᠢᠵᠢᠷ ︽ᠠᠷᠭ᠎ᠠ ᠬᠡᠮᠵᠢᠶ᠎ᠡ ᠠᠪᠬᠤ ᠲᠤᠬᠠᠢ︾ᠠᠯᠪᠠᠨ ᠪᠢᠴᠢᠭ ᠬᠦᠷᠭᠡᠭᠦᠯᠵᠦ᠂ ᠰ∙ᠵᠣᠷᠢᠭ ᠤᠨ ᠬᠡᠷᠡᠭ ᠲᠦ ᠬᠣᠯᠪᠣᠭᠳᠠᠬᠤ ᠨᠢᠭᠤᠴᠠ ᠮᠡᠳᠡᠭᠡᠯᠡᠯ ᠢ ᠢᠯᠡ ᠪᠣᠯᠭᠠᠬᠤ ᠠᠰᠠᠭᠤᠳᠠᠯ ᠢ ᠰᠤᠳᠤᠯᠤᠨ ᠦᠵᠡᠵᠦ᠂ ᠰᠢᠢᠳᠪᠦᠷᠢᠯᠡᠬᠦ ᠶᠢ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠡᠴᠡ ᠬᠦᠰᠡᠯ᠎ᠡ᠃

ᠠᠯᠪᠠᠨ ᠪᠢᠴᠢᠭ ᠲᠦ᠂ ᠪ∙ᠰᠤᠳᠨᠠᠮᠳᠠᠷᠵᠠ᠂ ᠲ∙ᠴᠢᠮᠡᠭ ᠨᠠᠷ ᠢ ᠡᠷᠡᠭᠦᠳᠡᠨ ᠰᠢᠭᠦᠭᠰᠡᠨ ᠭᠡᠬᠦ ᠳᠡᠭᠡᠷᠡᠬᠢ ᠬᠡᠷᠡᠭ ᠪᠣᠯᠤᠨ ᠰᠢᠭᠦᠬᠦ ᠬᠢᠨᠠᠨ ᠰᠢᠢᠳᠪᠦᠷᠢᠯᠡᠵᠦ᠂ ᠬᠠᠤᠯᠢ ᠶᠢᠨ ᠬᠦᠴᠦᠨ ᠲᠡᠭᠦᠯᠳᠡᠷ ᠪᠣᠯᠤᠭᠰᠠᠨ ᠰ∙ ᠵᠣᠷᠢᠭ ᠤᠨ ᠠᠮᠢ ᠨᠠᠰᠤ ᠶᠢ ᠬᠥᠨᠥᠭᠡᠭᠰᠡᠨ 830142 ᠳ᠋ᠤᠭᠠᠷ ᠲᠠᠢ ᠬᠡᠷᠡᠭ ᠦᠨ ᠮᠠᠲ᠋ᠧᠷᠢᠶᠠᠯ ᠤᠳ ᠨᠢ︽ᠮᠠᠰᠢ ᠨᠢᠭᠤᠴᠠ︾ᠵᠡᠷᠭᠡᠯᠡᠯᠲᠡᠢ ᠪᠣᠯᠪᠠᠴᠤ ᠮᠣᠩᠭᠣᠯ ᠤᠯᠤᠰ ᠤᠨ ᠵᠠᠰᠠᠭ ᠤᠨ ᠭᠠᠵᠠᠷ ᠤᠨ 2019 ᠣᠨ ᠤ 03 ᠳ᠋ᠤᠭᠠᠷ ᠰᠠᠷ᠎ᠠ ᠶᠢᠨ 10 ᠍ ᠤ ᠡᠳᠦᠷ ᠦᠨ ᠲᠣᠭᠲᠠᠭᠠᠯ ᠢᠶᠠᠷ ᠵᠠᠷᠢᠮ ᠳᠦᠷᠰᠦ ᠪᠢᠴᠢᠯᠭᠡ ᠶᠢ ᠢᠯᠡ ᠪᠣᠯᠭᠠᠭᠰᠠᠨ᠃ ᠮᠥᠨ ᠬᠣᠯᠪᠣᠭᠳᠠᠬᠤ ᠬᠡᠷᠡᠭ ᠡᠴᠡ 61᠂ 62-482 ᠳ᠋ᠤᠭᠠᠷ ᠬᠠᠭᠤᠳᠠᠰᠤ᠂ 13 ᠳᠡᠪᠲᠡᠷ᠂ 7 ᠭᠠᠷ ᠪᠢᠴᠢᠪᠦᠷᠢ ᠵᠡᠷᠭᠡ ᠶᠢ ᠵᠠᠰᠠᠭ ᠤᠨ ᠭᠠᠵᠠᠷ ᠤᠨ 2018 ᠣᠨ ᠤ 3 ᠳ᠋ᠤᠭᠠᠷ ᠰᠠᠷ᠎ᠠ ᠶᠢᠨ 27 ᠍ ᠤ ᠡᠳᠦᠷ ᠦᠨ ᠲᠣᠭᠲᠠᠭᠠᠯ ᠢᠶᠠᠷ ᠨᠢᠭᠤᠴᠠ ᠠᠴᠠ ᠭᠠᠷᠭᠠᠵᠤ ᠢᠯᠡ ᠪᠣᠯᠭᠠᠭᠰᠠᠨ ᠭᠡᠬᠦ ᠪᠣᠯᠪᠠᠴᠤ ᠲᠡᠳᠡᠭᠡᠷ ᠪᠠᠷᠢᠮᠲᠠ ᠲᠠᠢ ᠲᠠᠨᠢᠯᠴᠠᠬᠤ ᠪᠣᠯᠤᠮᠵᠢ ᠦᠭᠡᠢ ᠬᠡᠪ ᠢᠶᠡᠷ ᠪᠠᠶᠢᠨ᠎ᠠ᠃

ᠡᠨᠡ ᠬᠡᠷᠡᠭ ᠦᠨ ᠲᠤᠬᠠᠢ ᠡᠷᠡᠭᠦᠦ ᠶᠢᠨ ᠬᠡᠷᠡᠭ ᠬᠢᠨᠠᠨ ᠰᠢᠢᠳᠪᠦᠷᠢᠯᠡᠬᠦ ᠠᠵᠢᠯᠯᠠᠭᠠᠨ ᠳᠤ ᠣᠷᠣᠯᠴᠠᠭᠴᠢ ᠪᠢᠰᠢ ᠨᠡᠷ᠎ᠡ ᠪᠦᠬᠦᠢ ᠤᠯᠤᠰ ᠲᠥᠷᠦᠴᠢᠳ ᠬᠡᠷᠬᠢᠨ ᠣᠯᠵᠤ ᠮᠡᠳᠡᠭᠰᠡᠨ ᠨᠢ ᠲᠣᠳᠣᠷᠬᠠᠢ ᠦᠭᠡᠢ ᠴᠤ ᠬᠡᠷᠡᠭ ᠦᠨ ᠪᠣᠯᠤᠨ ᠰᠢᠭᠦᠬᠦ ᠬᠤᠷᠠᠯᠳᠤᠭᠠᠨ ᠤ ᠶᠠᠪᠤᠴᠠ ᠳᠤ ᠳᠤᠷᠠᠳᠤᠭᠳᠠᠭᠰᠠᠨ ᠵᠠᠷᠢᠮ ᠮᠡᠳᠡᠭᠡᠯᠡᠯ ᠦᠨ ᠥᠪᠡᠷᠰᠡᠳ ᠲᠦ ᠠᠰᠢᠭᠲᠠᠢ ᠪᠠᠶᠢᠵᠤ ᠪᠤᠯᠬᠤ ᠬᠡᠰᠡᠭ ᠦᠳ ᠢ ᠣᠯᠠᠨ ᠨᠡᠶᠢᠲᠡ ᠳᠦ ᠤᠳᠠᠭ᠎ᠠ ᠳᠠᠷᠠᠭ᠎ᠠ ᠵᠠᠳᠠᠷᠠᠭᠤᠯᠤᠭᠰᠠᠭᠠᠷ ᠪᠠᠶᠢᠨ᠎ᠠ᠃ ᠡᠭᠦᠨ ᠳᠦ ᠲᠥᠷᠥ ᠶᠢᠨ ︽ᠮᠠᠰᠢ ᠨᠢᠭᠤᠴᠠ︾ ᠵᠡᠷᠭᠡᠯᠡᠯ ᠲᠡᠢ ᠮᠡᠳᠡᠭᠡᠯᠡᠯ ᠢ ᠬᠠᠤᠯᠢ ᠪᠤᠰᠤ ᠪᠠᠷ ᠵᠠᠳᠠᠷᠠᠭᠤᠯᠤᠭᠰᠠᠨ ᠤ ᠳᠠᠷᠠᠭ᠎ᠠ ᠵᠠᠰᠠᠭ ᠤᠨ ᠭᠠᠵᠠᠷ ᠤᠨ ᠲᠣᠭᠲᠠᠭᠠᠯ ᠢᠶᠠᠷ ᠢᠯᠡ ᠪᠣᠯᠭᠠᠵᠤ᠂ ᠨᠥᠬᠥᠨ ᠵᠠᠯᠠᠷᠠᠭᠤᠯᠤᠭᠰᠠᠨ ᠬᠣᠶᠠᠷ ᠤᠳᠠᠭ᠎ᠠ ᠶᠢᠨ ᠠᠰᠠᠭᠤᠳᠠᠯ ᠬᠠᠮᠢᠶᠠᠷᠴᠤ ᠪᠠᠶᠢᠭ᠎ᠠ ᠪᠣᠯᠤᠨ᠎ᠠ᠃ ᠴᠢᠨᠠᠭᠰᠢᠳᠠ ᠴᠤ ᠤᠯᠤᠰ ᠲᠥᠷᠥ ᠶᠢᠨ ᠬᠤᠪᠢ ᠳᠤ ᠠᠰᠢᠭ ᠲᠠᠢ ᠭᠡᠵᠦ ᠦᠵᠡᠭᠰᠡᠨ ᠲᠣᠬᠢᠶᠠᠯᠳᠤᠯ ᠳᠤ ᠲᠥᠷᠥ ᠶᠢᠨ ᠨᠢᠭᠤᠴᠠ ᠶᠢ ᠵᠠᠳᠠᠷᠠᠭᠤᠯᠤᠭᠰᠠᠭᠠᠷ ᠪᠠᠶᠢᠬᠤ ᠶᠢ ᠦᠭᠡᠶᠢᠰᠬᠡᠬᠦ ᠦᠭᠡᠢ ᠶᠤᠮ᠃
ᠥᠮᠥᠭᠡᠯᠡᠭᠴᠢ ᠨᠠᠷ  ᠰ ∙ᠵᠣᠷᠢᠭ ᠤᠨ ᠠᠮᠢ ᠨᠠᠰᠤ ᠶᠢ ᠬᠥᠨᠥᠭᠡᠭᠰᠡᠨ ᠬᠡᠷᠡᠭ ᠢ ᠭᠤᠷᠪᠠᠨ ᠱᠠᠲᠤᠨ ᠤ ᠰᠢᠭᠦᠬᠦ ᠪᠡᠷ ᠡᠴᠦᠰᠯᠡᠨ ᠰᠢᠢᠳᠪᠦᠷᠢᠯᠡᠭᠰᠡᠨ ᠲᠤᠯᠠ ᠲᠡᠭᠦᠨ ᠲᠡᠢ ᠬᠤᠯᠪᠤᠭ᠎ᠠ ᠲᠠᠢ ᠮᠡᠳᠡᠭᠡᠯᠡᠯ ᠢ ᠨᠢᠭᠤᠴᠠᠯᠠᠬᠤ ᠱᠠᠭᠠᠷᠳᠠᠯᠭ᠎ᠠ ᠲᠠᠢ ᠪᠠᠶᠢᠭᠰᠠᠨ ᠨᠥᠬᠥᠴᠡᠯ ᠪᠠᠶᠢᠳᠠᠯ ᠥᠭᠡᠷᠡᠴᠢᠯᠡᠭᠳᠡᠭᠰᠡᠨ᠂ ᠨᠢᠭᠤᠴᠠᠯᠠᠬᠤ ᠬᠤᠭᠤᠴᠠᠭ᠎ᠠ ᠳᠠᠭᠤᠰᠬᠠᠪᠤᠷᠢ ᠪᠣᠯᠤᠭᠰᠠᠨ  ᠭᠡᠵᠦ ᠦᠵᠡᠵᠦ ᠪᠠᠢᠨ᠎ᠠ᠃︽ᠲᠥᠷᠥ ᠶᠢᠨ ᠪᠣᠯᠤᠨ ᠠᠯᠪᠠᠨ ᠤ ᠨᠢᠭᠤᠴᠠ ᠶᠢᠨ ᠲᠤᠬᠠᠢ︾ ᠬᠠᠤᠯᠢ ᠶᠢᠨ 19 ᠳ᠋ᠤᠭᠡᠷ ᠵᠦᠢᠯ ᠦᠨ 19.3 ᠳ᠋ᠡᠬᠢ ᠬᠡᠰᠡᠭ ᠲᠦ  ᠵᠢᠭᠠᠭᠰᠠᠨ  ᠵᠦᠢᠯ ᠵᠢᠭᠠᠯᠲᠠ ᠶᠢᠨ ᠳᠠᠭᠠᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠥ᠊ ∙ ᠰᠢᠵᠢᠷ ᠳᠡᠭᠡᠷᠡᠬᠢ ᠬᠦᠰᠡᠯᠲᠡ ᠶᠢ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠳᠦ ᠤᠯᠠᠮᠵᠢᠯᠠᠵᠤ᠂  ᠬᠤᠪᠢ ᠶᠢ ᠥᠮᠥᠭᠡᠯᠡᠭᠴᠢ ᠪ∙ᠮᠡᠷᠭᠡᠨ ᠨᠠᠷ ᠲᠤ ᠬᠦᠷᠭᠡᠭᠦᠯᠦᠭᠰᠡᠨ ᠲᠤᠬᠠᠢ ᠳᠤᠷᠠᠳᠴᠠᠢ᠃

ᠰᠡᠳᠬᠢᠭᠳᠡᠯ ᠦᠯᠡᠳᠡᠭᠡᠬᠦ