ᠰᠢᠨ᠎ᠡ ᠨᠢᠰᠬᠦ ᠪᠠᠭᠤᠳᠠᠯ ᠢ ᠳᠣᠯᠣᠳᠤᠭᠠᠷ ᠰᠠᠷ᠎ᠠ ᠶᠢᠨ 1 ᠍ ᠳᠦ ᠨᠡᠭᠡᠭᠡᠨ᠎ᠠ  | News.MN

ᠰᠢᠨ᠎ᠡ ᠨᠢᠰᠬᠦ ᠪᠠᠭᠤᠳᠠᠯ ᠢ ᠳᠣᠯᠣᠳᠤᠭᠠᠷ ᠰᠠᠷ᠎ᠠ ᠶᠢᠨ 1 ᠍ ᠳᠦ ᠨᠡᠭᠡᠭᠡᠨ᠎ᠠ 

 

ᠵᠠᠮ᠂ ᠲᠡᠭᠡᠭᠡᠪᠦᠷᠢ ᠶᠢᠨ ᠬᠥᠭᠵᠢᠯ ᠦᠨ ᠰᠠᠶᠢᠳ ᠯ ∙ ᠬᠠᠯᠲᠠᠷ ᠤᠯᠠᠭᠠᠨᠪᠠᠭᠠᠲᠤᠷ ᠬᠣᠲᠠ ᠶᠢᠨ ᠣᠯᠠᠨ ᠤᠯᠤᠰ ᠤᠨ ᠰᠢᠨ᠎ᠡ ᠨᠢᠰᠬᠦ ᠪᠠᠭᠤᠳᠠᠯ ᠤᠨ ᠮᠧᠨᠧᠵᠮᠧᠨᠲ ᠢ ᠬᠡᠷᠡᠭᠵᠢᠭᠦᠯᠵᠦ ᠪᠤᠢ ︽ᠨᠢᠦ᠋ ᠤᠯᠠᠭᠠᠨᠪᠠᠭᠠᠲᠤᠷ  ᠢᠨᠲᠸᠷᠨᠧᠢᠱᠨᠢᠯ ᠡᠢᠷᠫᠣᠷᠲ︾ᠺᠣᠮᠫᠠᠨᠢ ᠶᠢᠨ ᠭᠦᠢᠴᠡᠳᠭᠡᠬᠦ ᠵᠠᠬᠢᠷᠤᠯ  ᠺᠠᠲ᠋ᠤ᠋ ᠲᠠᠺᠣ᠋ ᠍ ᠲᠠᠢ ᠴᠠᠬᠢᠮ ᠠᠭᠤᠯᠵᠠᠯᠲᠠ ᠬᠢᠯ᠎ᠡ᠃ ᠠᠭᠤᠯᠵᠠᠯᠲᠠ  ᠪᠠᠷ ᠰᠢᠨ᠎ᠡ ᠨᠢᠰᠬᠦ ᠪᠠᠭᠤᠳᠠᠯ ᠤᠨ ᠦᠢᠯᠡ ᠠᠵᠢᠯᠯᠠᠭ᠎ᠠ ᠶᠢ ᠡᠬᠢᠯᠡᠭᠦᠯᠬᠦ ᠪᠡᠯᠡᠳᠬᠡᠯ ᠠᠵᠢᠯ ᠤᠨ ᠠᠰᠠᠭᠤᠳᠠᠯ ᠤᠳ ᠢᠶᠠᠷ ᠰᠠᠨᠠᠯ᠂ ᠮᠡᠳᠡᠭᠡᠯᠡᠯ ᠰᠤᠯᠢᠯᠴᠠᠪᠠ᠃ ᠲᠤᠰ ᠺᠣᠮᠫᠠᠨᠢ ᠶᠢᠨ ᠬᠢᠨ ᠰᠢᠨ᠎ᠡ ᠨᠢᠰᠬᠦ ᠪᠠᠭᠤᠳᠠᠯ ᠳᠤ ᠰᠢᠯᠵᠢᠭᠦᠯᠦᠨ ᠠᠪᠴᠤ ᠠᠵᠢᠯᠯᠠᠭᠤᠯᠬᠤ  ᠠᠵᠢᠯᠲᠠᠳ ᠪᠣᠯᠤᠨ ᠡᠨᠡ ᠠᠵᠢᠯ ᠲᠠᠢ ᠬᠣᠯᠪᠣᠭ᠎ᠠ ᠲᠠᠢ ᠬᠢᠭᠳᠡᠵᠦ ᠪᠤᠢ ᠦᠢᠯᠡ ᠠᠵᠢᠯᠯᠠᠭᠠᠨ ᠤ ᠶᠠᠪᠤᠴᠠ᠂ ᠮᠥᠨ ᠠᠷᠠᠯᠵᠢᠶᠠᠨ ᠤ ᠨᠢᠰᠦᠯᠭᠡ ᠶᠢ ᠰᠢᠯᠵᠢᠭᠦᠯᠬᠦ ᠲᠥᠯᠦᠪᠯᠡᠭᠡᠨ ᠦ ᠲᠠᠯ᠎ᠠ ᠪᠠᠷ ᠲᠠᠨᠢᠯᠴᠠᠭᠤᠯᠤᠯ᠎ᠠ᠃
ᠰᠢᠨ᠎ᠡ ᠨᠢᠰᠬᠦ ᠪᠠᠭᠤᠳᠠᠯ ᠤᠨ ᠦᠢᠯᠡ ᠠᠵᠢᠯᠯᠠᠭ᠎ᠠ ᠶᠢ ᠢᠷᠡᠬᠦ ᠳᠤᠯᠤᠳᠤᠭᠠᠷ ᠰᠠᠷ᠎ᠠ ᠶᠢᠨ ᠨᠢᠭᠡᠨ ᠳᠦ ᠪᠠᠭᠲᠠᠭᠠᠨ ᠡᠬᠢᠯᠡᠭᠦᠯᠬᠦ ᠰᠢᠢᠳᠪᠦᠷᠢ ᠶᠢ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠭᠠᠷᠭᠠᠭᠰᠠᠨ ᠪᠥᠭᠡᠳ ᠡᠨᠡ ᠬᠤᠭᠤᠴᠠᠭᠠᠨ ᠳᠤ ᠠᠰᠢᠭᠯᠠᠯᠲᠠ ᠳᠤ ᠤᠷᠤᠭᠤᠯᠬᠤ ᠴᠢᠭᠯᠡᠯ ᠢᠶᠡᠷ ᠬᠣᠯᠪᠣᠭᠳᠠᠬᠤ ᠪᠠᠶᠢᠭᠤᠯᠤᠯᠭ᠎ᠠ ᠨᠤᠭᠤᠳ ᠢᠳᠡᠪᠬᠢᠯᠡᠨ ᠬᠠᠮᠲᠤᠷᠠᠨ ᠠᠵᠢᠯᠯᠠᠵᠤ ᠪᠠᠶᠢᠨ᠎ᠠ ᠭᠡᠨ᠎ᠡ᠃

ᠰᠡᠳᠬᠢᠭᠳᠡᠯ ᠦᠯᠡᠳᠡᠭᠡᠬᠦ