︽ᠡᠷᠳᠡᠨᠢᠰ ᠲᠠᠪᠤᠨᠲᠣᠯᠣᠭᠠᠢ︾ ᠶᠢᠨ ᠪᠤᠨᠳ᠋ ᠢ ᠦᠨᠡᠲᠦ ᠴᠠᠭᠠᠰᠤᠨ ᠤ ᠪᠦᠷᠢᠳᠬᠡᠯ ᠳᠦ ᠪᠦᠷᠢᠳᠬᠡᠯ᠎ᠡ  | News.MN

︽ᠡᠷᠳᠡᠨᠢᠰ ᠲᠠᠪᠤᠨᠲᠣᠯᠣᠭᠠᠢ︾ ᠶᠢᠨ ᠪᠤᠨᠳ᠋ ᠢ ᠦᠨᠡᠲᠦ ᠴᠠᠭᠠᠰᠤᠨ ᠤ ᠪᠦᠷᠢᠳᠬᠡᠯ ᠳᠦ ᠪᠦᠷᠢᠳᠬᠡᠯ᠎ᠡ 

 

ᠰᠠᠩᠬᠦᠦ ᠶᠢᠨ ᠵᠤᠬᠢᠴᠠᠭᠤᠯᠬᠤ ᠬᠤᠷᠢᠶᠠᠨ ᠍ ᠤ ᠡᠭᠡᠯᠵᠢᠲᠦ ᠬᠤᠷᠠᠯᠳᠤᠭᠠᠨ ᠪᠣᠯᠵᠤ᠂ ︽ᠡᠷᠳᠡᠨᠢᠰ ᠲᠠᠪᠤᠨᠲᠣᠯᠣᠭᠠᠢ︾  ᠶᠢᠨ ᠪᠤᠨᠳ᠋ ᠢ ᠦᠨᠡᠲᠦ ᠴᠠᠭᠠᠰᠤᠨ ᠤ ᠪᠦᠷᠢᠳᠬᠡᠯ ᠳᠦ ᠪᠦᠷᠢᠳᠬᠡᠯ᠎ᠡ᠃ ᠵᠠᠰᠠᠭ ᠤᠨ ᠭᠠᠵᠠᠷ ᠤᠨ ︽ᠡᠷᠡᠭᠦᠯ ᠮᠡᠨᠳᠦ ᠪᠡᠨ ᠬᠠᠮᠠᠭᠠᠯᠠᠵᠤ᠂ ᠡᠳ᠋ ᠍ ᠦᠨ ᠵᠠᠰᠠᠭ ᠢᠶᠠᠨ ᠰᠡᠷᠭᠦᠭᠡᠬᠦ 10 ᠶᠡᠬᠡ ᠨᠠᠶᠤᠳ ᠤᠨ ᠴᠣᠭᠴᠠ ᠲᠥᠯᠥᠪᠯᠡᠭᠡ︾᠍ ᠳᠦ ᠲᠣᠮᠣᠬᠠᠨ ᠲᠥᠰᠥᠯ ᠦᠨ ᠪᠦᠲᠦᠭᠡᠨ ᠪᠠᠶᠢᠭᠤᠯᠤᠯᠲᠠ ᠶᠢ ᠢᠳᠡᠪᠬᠢᠵᠢᠭᠦᠯᠵᠦ᠂ ᠡᠳ᠋ ᠍ ᠦᠨ ᠵᠠᠰᠠᠭ ᠢ ᠰᠡᠷᠭᠦᠭᠡᠬᠦ ᠬᠥᠰᠢᠭᠦᠷᠭᠡ ᠪᠣᠯᠭᠠᠬᠤ ᠴᠢᠭᠯᠡᠯ ᠢᠶᠡᠷ ︽ᠡᠷᠳᠡᠨᠢᠰ ᠲᠠᠪᠤᠨᠲᠣᠯᠣᠭᠠᠢ︾ ᠨᠢ ᠳᠣᠲᠣᠭᠠᠳᠤ ᠶᠢᠨ ᠦᠨᠡᠲᠦ ᠴᠠᠭᠠᠰᠤᠨ ᠤ ᠵᠠᠬ᠎ᠠ ᠵᠡᠭᠡᠯᠢ ᠳᠦ  ᠪᠤᠨᠳ᠋ ᠭᠠᠷᠭᠠᠬᠤ ᠪᠠᠷ ᠲᠤᠰᠬᠠᠭᠰᠠᠨ ᠶᠤᠮ᠃
ᠳᠣᠲᠣᠭᠠᠳᠤ ᠶᠢᠨ ᠬᠥᠷᠥᠩᠭᠡ ᠶᠢᠨ ᠵᠠᠬ᠎ᠠ ᠵᠡᠭᠡᠯᠢ ᠡᠴᠡ ᠲᠠᠲᠠᠨ ᠲᠥᠪᠯᠡᠷᠡᠭᠦᠯᠦᠭᠰᠡᠨ ᠬᠥᠷᠥᠩᠭᠡ ᠪᠠᠷ ᠵᠠᠰᠠᠭ ᠤᠨ ᠭᠠᠵᠠᠷ ᠠᠴᠠ 2020-2024 ᠣᠨ ᠳᠤ ᠬᠡᠷᠡᠭᠵᠢᠭᠦᠯᠬᠦ ᠪᠡᠷ ᠲᠥᠯᠥᠪᠯᠡᠵᠦ ᠪᠤᠢ ᠲᠡᠮᠦᠷ ᠵᠠᠮ᠂ ᠴᠠᠬᠢᠯᠭᠠᠨ ᠰᠲ᠋ᠠᠨᠼ᠂ ᠰᠠᠶᠢᠵᠢᠷᠠᠭᠤᠯᠤᠭᠰᠠᠨ ᠲᠦᠯᠡᠰᠢᠨ ᠦ ᠦᠢᠯᠡᠳᠪᠦᠷᠢ ᠵᠡᠷᠭᠡ ᠲᠧᠭᠨᠢᠭ ᠡᠳ᠋ ᠍ ᠦᠨ ᠵᠠᠰᠠᠭ ᠤᠨ ᠲᠣᠭᠠᠴᠠᠭᠠᠯᠠᠯ᠂ ᠪᠠᠶᠢᠭᠠᠯᠢ ᠣᠷᠴᠢᠨ ᠤ ᠨᠥᠯᠥᠭᠡᠯᠡᠯ ᠦᠨ ᠰᠢᠨᠵᠢᠯᠡᠭᠡ ᠶᠢ ᠪᠦᠷᠢᠨ ᠬᠢᠭᠰᠡᠨ ᠦᠷ᠎ᠡ ᠠᠰᠢᠭ ᠲᠠᠢ ᠲᠣᠮᠣᠬᠠᠨ ᠳᠡᠳ᠋ ᠪᠦᠲᠦᠴᠡ ᠶᠢᠨ ᠲᠥᠰᠥᠯ ᠦᠳ ᠢ ᠰᠠᠩᠬᠦᠵᠢᠭᠦᠯᠬᠦ ᠶᠤᠮ᠃

ᠰᠡᠳᠬᠢᠭᠳᠡᠯ ᠦᠯᠡᠳᠡᠭᠡᠬᠦ