ᠤᠳᠬ᠎ᠠ ᠵᠣᠬᠢᠶᠠᠯ ᠤᠨ ᠬᠢᠨ ᠦ ᠲᠥᠯᠥᠭᠡᠯᠡᠯ ᠲᠡᠢ ᠠᠭᠤᠯᠵᠠᠯ᠎ᠠ  | News.MN

ᠤᠳᠬ᠎ᠠ ᠵᠣᠬᠢᠶᠠᠯ ᠤᠨ ᠬᠢᠨ ᠦ ᠲᠥᠯᠥᠭᠡᠯᠡᠯ ᠲᠡᠢ ᠠᠭᠤᠯᠵᠠᠯ᠎ᠠ 

ᠰᠤᠶᠤᠯ ᠤᠨ ᠰᠠᠶᠢᠳ ᠬᠡᠯᠡ ᠰᠤᠶᠤᠯ᠂

ᠡᠨᠡ ᠤᠳᠠᠭ᠎ᠠ ᠶᠢᠨ ᠠᠭᠤᠯᠵᠠᠯᠲᠠ ᠪᠠᠷ ᠮᠣᠩᠭᠣᠯ ᠬᠡᠯᠡ ᠰᠤᠶᠤᠯ ᠢ ᠬᠡᠷᠬᠢᠨ ᠪᠠᠭ᠎ᠠ ᠨᠠᠰᠤᠨ ᠠᠴᠠ ᠨᠢ ᠲᠥᠯᠦᠪᠰᠢᠭᠦᠯᠦᠨ ᠰᠤᠷᠭᠠᠬᠤ᠂ ᠰᠤᠶᠤᠯ ᠤᠨ ᠲᠠᠯ᠎ᠠ ᠪᠠᠷ ᠲᠥᠷᠥ ᠡᠴᠡ ᠪᠠᠷᠢᠬᠤ ᠪᠣᠳᠣᠯᠭ᠎ᠠ ᠶᠢᠨ ᠰᠠᠭᠤᠷᠢ ᠶᠢ ᠵᠥᠪ ᠲᠠᠯᠪᠢᠬᠤ᠂ ᠬᠡᠯᠡ ᠤᠳᠬ᠎ᠠ ᠵᠣᠬᠢᠶᠠᠯ ᠤᠨ ᠡᠷᠬᠡ ᠵᠦᠢ ᠶᠢᠨ ᠣᠷᠴᠢᠨ ᠵᠡᠷᠭᠡ ᠠᠰᠠᠭᠤᠳᠠᠯ ᠢᠶᠠᠷ ᠰᠠᠨᠠᠯ ᠰᠣᠯᠢᠯᠴᠠᠯ᠎ᠠ᠃
ᠰᠠᠯᠪᠤᠷᠢ ᠶᠢᠨ ᠲᠥᠯᠥᠭᠡᠯᠡᠯ ᠮᠣᠩᠭᠣᠯ ᠰᠤᠶᠤᠯ᠂ ᠮᠣᠩᠭᠣᠯ ᠪᠠᠶᠠᠯᠢᠭ ᠬᠥᠲᠥᠯᠪᠦᠷᠢ ᠶᠢ ᠳᠡᠮᠵᠢᠵᠦ ᠪᠤᠢ  ᠪᠠᠨ ᠢᠯᠡᠷᠬᠡᠶᠢᠯᠡᠭᠡᠳ᠂ ᠣᠯᠠᠨ ᠤᠯᠤᠰ ᠤᠨ ᠲᠠᠪᠴᠠᠩ ᠳᠤ ᠨᠡᠭᠦᠳᠡᠯᠴᠢᠨ ᠠᠬᠤᠢ ᠰᠤᠶᠤᠯ ᠢᠶᠠᠨ ᠰᠤᠷᠲᠠᠯᠴᠢᠯᠠᠨ᠂ ᠡᠨᠡ ᠴᠢᠭᠯᠡᠯ ᠢᠶᠡᠨ ᠢᠯᠡᠭᠦᠦ ᠬᠥᠭᠵᠢᠭᠦᠯᠦᠨ ᠪᠠᠷᠢᠬᠤ ᠴᠢᠬᠤᠯᠠ ᠭᠡᠳᠡᠭ ᠢ ᠣᠨᠴᠠᠯᠠᠯ᠎ᠠ᠃ ᠮᠥᠨ ᠰᠤᠶᠤᠯ ᠤᠨ ᠪᠣᠳᠣᠯᠭ᠎ᠠ ᠳᠤ ᠷᠧᠹᠤᠷᠮ᠂ ᠰᠲᠷᠠᠲ᠋ᠧᠭᠢ ᠶᠢᠨ ᠰᠢᠨᠡᠴᠢᠯᠡᠯ ᠬᠢᠵᠦ᠂ ᠰᠤᠶᠤᠯ ᠰᠤᠳᠤᠯᠤᠯ ᠤᠨ ᠰᠤᠷᠬᠤ ᠪᠢᠴᠢᠭ᠂ ᠺᠣᠨᠲ᠋ᠧᠨᠲ ᠢ ᠰᠢᠰᠲ᠋ᠧᠮ ᠲᠡᠢ ᠬᠥᠭᠵᠢᠭᠦᠯᠦᠨ᠂ ᠮᠣᠩᠭᠣᠯ ᠬᠡᠯᠡ ᠰᠤᠶᠤᠯ ᠢᠶᠠᠷ ᠢᠶᠠᠨ ᠢᠷᠭᠡᠳ ᠢᠶᠡᠨ ᠰᠣᠶᠣᠨ ᠭᠡᠭᠡᠷᠡᠭᠦᠯᠬᠦ ᠨᠢ ᠨᠡᠩ ᠴᠢᠬᠤᠯᠠ ᠪᠣᠳᠣᠯᠭ᠎ᠠ ᠭᠡᠵᠦ ᠦᠵᠡᠯ᠎ᠡ᠃

ᠰᠡᠳᠬᠢᠭᠳᠡᠯ ᠦᠯᠡᠳᠡᠭᠡᠬᠦ