ᠷᠢᠤ᠋ ᠲᠢᠨᠲ᠋ᠤ᠋ ᠪᠣᠯᠤᠨ Turquoise Hill Resources ᠲᠣᠬᠢᠷᠠᠯᠴᠠᠭᠠᠨ ᠳᠤ ᠬᠦᠷᠴᠡᠢ  | News.MN

 ᠷᠢᠤ᠋ ᠲᠢᠨᠲ᠋ᠤ᠋ ᠪᠣᠯᠤᠨ Turquoise Hill Resources ᠲᠣᠬᠢᠷᠠᠯᠴᠠᠭᠠᠨ ᠳᠤ ᠬᠦᠷᠴᠡᠢ 

ᠤᠭ᠍ᠶᠤᠲᠤᠯᠤᠭᠠᠢ ᠲᠥᠰᠥᠯ ᠦᠨ ᠬᠥᠷᠥᠩᠭᠡ ᠣᠷᠣᠭᠤᠯᠤᠭᠴᠢ Turquoise Hill Resources ᠪᠣᠯᠤᠨ ᠷᠢᠤ᠋ ᠲᠢᠨᠲ᠋ᠤ᠋ ᠺᠣᠮᠫᠠᠨᠢ  ᠳᠠᠯᠳᠠ ᠠᠭᠤᠷᠬᠠᠢ ᠶᠢᠨ ᠰᠠᠩᠬᠦᠦᠵᠢᠯᠲᠡ ᠶᠢᠨ ᠰᠢᠨᠡᠴᠢᠯᠡᠭᠳᠡᠭᠰᠡᠨ ᠲᠥᠯᠥᠪᠯᠡᠭᠡ ᠶᠢ ᠵᠠᠷᠯᠠᠯ᠎ᠠ᠃ ᠷᠢᠤ᠋ ᠲᠢᠨᠲ᠋ᠤ᠋ ᠶᠢᠨ ᠮᠡᠳᠡᠭᠳᠡᠯ ᠳᠦ᠄ ᠤᠭ᠍ᠶᠤᠲᠤᠯᠤᠭᠠᠢ  ᠶᠢᠨ ᠭᠦᠨ ᠦ ᠠᠭᠤᠷᠬᠠᠢ ᠶᠢᠨ ᠲᠥᠰᠥᠯ ᠦᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠬᠤ ᠳᠤ ᠱᠠᠭᠠᠷᠳᠠᠯᠭ᠎ᠠ ᠲᠠᠢ ᠰᠠᠩᠬᠦᠦᠵᠢᠯᠲᠡ  ᠶᠢᠨ ᠰᠢᠨᠡᠴᠢᠯᠡᠭᠰᠡᠨ ᠲᠥᠯᠦᠪᠯᠡᠭᠡᠨ ᠦ ᠲᠤᠬᠠᠢ Turquoise Hill Resources  ᠲᠠᠢ ᠶᠡᠷᠦᠩᠬᠡᠢ ᠵᠣᠬᠢᠴᠠᠭᠤᠯᠤᠯᠲᠠ ᠶᠢᠨ ᠭᠡᠷ᠎ᠡ ᠪᠠᠶᠢᠭᠤᠯᠤᠯ᠎ᠠ᠃ ᠣᠶᠢᠷᠠᠯᠴᠠᠭ᠎ᠠ ᠪᠠᠷ 2.3 ᠲᠡᠷᠪᠤᠮ ᠳ᠋ᠣᠯᠯᠠᠷ ᠤᠨ ᠰᠠᠩᠬᠦᠦᠵᠢᠯᠲᠡ  ᠶᠢ ᠰᠢᠢᠳᠪᠦᠷᠢᠯᠡᠭᠰᠡᠨ ᠪᠣᠯᠤᠨ᠎ᠠ ᠭᠡᠵᠡᠢ᠃
ᠷᠢᠤ᠋ ᠲᠢᠨᠲ᠋ᠤ᠋ ᠶᠢᠨ ᠵᠡᠰ ᠦᠨ ᠭᠷᠦ᠋ᠫ ᠦᠨ ᠭᠦᠢᠴᠡᠳᠭᠡᠬᠦ ᠵᠠᠬᠢᠷᠤᠯ ᠪᠣᠯᠣᠳ᠄ Turquoise Hill Resources ᠲᠡᠢ ᠪᠠᠶᠢᠭᠤᠯᠤᠭᠰᠠᠨ ᠡᠨᠡ ᠭᠡᠷ᠎ᠡ ᠨᠢ ᠳᠡᠯᠡᠬᠡᠢ ᠶᠢᠨ ᠬᠠᠮᠤᠭ ᠤᠨ ᠲᠣᠮᠣ ᠵᠡᠰ ᠦᠨ ᠠᠭᠤᠷᠬᠠᠢ ᠨᠤᠭᠤᠳ ᠤᠨ ᠨᠢᠭᠡ ᠪᠣᠯᠵᠤ᠂ ᠢᠷᠡᠬᠦ ᠵᠢᠯ ᠦᠳ ᠲᠦ ᠮᠣᠩᠭᠣᠯ ᠤᠯᠤᠰ ᠤᠨ ᠡᠳ᠋ ᠍ ᠦᠨ ᠵᠠᠰᠠᠭ ᠲᠤ ᠦᠨ᠎ᠡ ᠲᠡᠢ ᠬᠤᠪᠢ ᠨᠡᠮᠡᠷᠢ ᠤᠷᠤᠭᠤᠯᠬᠤ ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠮᠵᠢᠯᠲᠠ ᠲᠠᠢ ᠭᠦᠢᠴᠡᠳᠭᠡᠬᠦ ᠳᠦ ᠴᠢᠬᠤᠯᠠ ᠦᠢᠯᠡ ᠶᠠᠪᠤᠳᠠᠯ ᠶᠤᠮ ᠭᠡᠵᠡᠢ᠃

ᠰᠡᠳᠬᠢᠭᠳᠡᠯ ᠦᠯᠡᠳᠡᠭᠡᠬᠦ