ᠬ ∙ ᠪᠠᠲᠤᠲᠤᠯᠭ᠎ᠠ ᠶᠡᠷᠦᠩᠬᠡᠶᠢᠯᠡᠭᠴᠢ ᠳᠦ ᠳᠠᠬᠢᠨ ᠨᠡᠷ᠎ᠡ ᠳᠡᠪᠰᠢᠬᠦ ᠡᠰᠡᠬᠦ ᠶᠢ ᠰᠢᠢᠳᠬᠦ ᠬᠤᠷᠠᠯᠳᠤᠭᠠᠨ ᠪᠣᠯᠤᠨ᠎ᠠ  | News.MN

ᠬ ∙ ᠪᠠᠲᠤᠲᠤᠯᠭ᠎ᠠ ᠶᠡᠷᠦᠩᠬᠡᠶᠢᠯᠡᠭᠴᠢ ᠳᠦ ᠳᠠᠬᠢᠨ ᠨᠡᠷ᠎ᠡ ᠳᠡᠪᠰᠢᠬᠦ ᠡᠰᠡᠬᠦ ᠶᠢ ᠰᠢᠢᠳᠬᠦ ᠬᠤᠷᠠᠯᠳᠤᠭᠠᠨ ᠪᠣᠯᠤᠨ᠎ᠠ 

 

ᠤᠯᠤᠰ ᠤᠨ ᠶᠡᠬᠡ ᠬᠤᠷᠠᠯ  ᠤᠨ ᠭᠡᠰᠢᠭᠦᠨ ᠲ ∙ ᠳᠤᠷᠵᠢᠬᠠᠨᠳᠠ᠂ ᠬᠠᠤᠯᠢᠴᠢ ᠨ ∙ᠦᠦᠷᠴᠠᠢᠬᠤ᠂ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠪᠠᠭᠰᠢ᠂ ᠳ᠋ᠣᠺᠲ᠋ᠣᠷ ᠣ᠊ ∙ ᠮᠥᠩᠬᠡᠰᠠᠶᠢᠬᠠᠨ ᠨᠠᠷ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠰᠡᠴᠡ ᠳᠦ ᠬᠠᠨᠳᠤᠵᠤ ᠤᠯᠤᠰ ᠤᠨ ᠶᠡᠬᠡ ᠬᠤᠷᠠᠯ ᠠᠴᠠ 2020 ᠣᠨ ᠤ ᠠᠷᠪᠠᠨ ᠬᠣᠶᠠᠳᠤᠭᠠᠷ ᠰᠠᠷ᠎ᠠ ᠶᠢᠨ 24 ᠍ ᠦ ᠡᠳᠦᠷ ᠪᠠᠲᠤᠯᠠᠭᠰᠠᠨ ︽ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠲᠤᠬᠠᠢ︾ ᠬᠠᠤᠯᠢ ᠶᠢᠨ 3 ᠳ᠋ᠤᠭᠠᠷ ᠵᠦᠢᠯ ᠦᠨ 3.1.2 ᠳᠠᠬᠢ ᠵᠢᠭᠠᠯᠲᠠ᠂ 5 ᠳ᠋ᠤᠭᠠᠷ ᠵᠦᠢᠯ ᠦᠨ 5.4᠂ 5.6᠂ 26 ᠳ᠋ᠤᠭᠠᠷ ᠵᠦᠢᠯ ᠦᠨ 26.2 ᠳᠠᠬᠢ ᠬᠡᠰᠡᠭ ᠦᠨᠳᠦᠰᠦᠨ ᠬᠠᠤᠯᠢ ᠶᠢᠨ ᠵᠠᠷᠢᠮ ᠵᠢᠭᠠᠯᠲᠠ ᠳᠤ ᠨᠡᠶᠢᠴᠡᠭᠡ ᠦᠭᠡᠢ ᠪᠠᠶᠢᠨ᠎ᠠ ᠭᠡᠰᠡᠨ ᠮᠡᠳᠡᠭᠡᠯᠡᠯ ᠢᠷᠡᠭᠦᠯᠦᠭᠰᠡᠨ᠃
ᠡᠨᠡ ᠮᠡᠳᠡᠭᠡᠯᠡᠯ ᠦᠨ ᠳᠠᠭᠠᠤ ᠡᠭᠦᠰᠬᠡᠭᠰᠡᠨ ᠮᠠᠷᠭᠤᠭᠠᠨ ᠢ ᠬᠢᠨᠠᠨ ᠬᠡᠯᠡᠯᠴᠡᠬᠦ ᠦᠨᠳᠦᠰᠦᠨ ᠬᠠᠤᠯᠢ ᠶᠢᠨ  ᠰᠡᠴᠡ ᠶᠢᠨ ᠳᠤᠮᠳᠠ ᠰᠠᠭᠤᠳᠠᠯ ᠤᠨ ᠬᠤᠷᠠᠯᠳᠤᠭᠠᠨ ᠢ ᠡᠨᠡ ᠰᠠᠷ᠎ᠠ ᠶᠢᠨ 16 ᠍ ᠤ ᠡᠳᠦᠷ ᠬᠢᠬᠦ ᠪᠡᠷ ᠲᠣᠪᠯᠠᠭᠠᠳ ᠪᠠᠶᠢᠨ᠎ᠠ ᠭᠡᠵᠦ ᠰᠡᠴᠡ ᠶᠢᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠠᠯᠪᠠᠨ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ