ᠳᠠᠳᠤᠯ ᠰᠤᠮᠤᠨ ᠳᠤ ᠨᠢᠰᠬᠦ ᠪᠠᠭᠤᠳᠠᠯ ᠪᠠᠷᠢᠨ᠎ᠠ | News.MN

ᠳᠠᠳᠤᠯ ᠰᠤᠮᠤᠨ ᠳᠤ ᠨᠢᠰᠬᠦ ᠪᠠᠭᠤᠳᠠᠯ ᠪᠠᠷᠢᠨ᠎ᠠ

 

ᠬᠡᠨᠲᠡᠢ ᠠᠶᠢᠮᠠᠭ ᠤᠨ ᠳᠠᠳᠤᠯ ᠰᠤᠮᠤ ᠳ᠋ᠠᠬᠢ︽ᠳᠡᠯᠢᠭᠦᠨ ᠪᠣᠯᠳᠣᠭ︾ᠨᠢᠰᠬᠦ ᠪᠠᠭᠤᠳᠠᠯ ᠢ ᠪᠠᠷᠢᠬᠤ ᠠᠵᠢᠯ ᠳᠥᠷᠪᠡᠳᠦᠭᠡᠷ ᠰᠠᠷ᠎ᠠ ᠶᠢᠨ 9  ᠡᠴᠡ ᠡᠬᠢᠯᠡᠯ᠎ᠡ᠃  ᠢᠷᠭᠡᠨ ᠦ ᠨᠢᠰᠬᠦ ᠶᠢᠨ ᠶᠡᠷᠦᠩᠬᠡᠢ ᠭᠠᠵᠠᠷ 2016 ᠣᠨ ᠳᠦ ᠳᠠᠳᠤᠯ ᠤᠨ ᠨᠢᠰᠬᠦ ᠪᠠᠭᠤᠳᠠᠯ ᠢ ᠰᠢᠨᠡᠴᠢᠯᠡᠨ ᠪᠠᠷᠢᠬᠤ ᠲᠥᠯᠥᠪᠯᠡᠯᠲᠡ ᠶᠢ ᠬᠢᠭᠰᠡᠨ᠃ ᠡᠨᠡ ᠲᠥᠯᠥᠪᠯᠡᠯᠲᠡ ᠶᠡᠬᠡ ᠡᠵᠡᠨ ᠴᠢᠩᠭᠢᠰ ᠬᠠᠭᠠᠨ ᠤ ᠲᠡᠦᠬᠡᠲᠦ ᠠᠶᠠᠯᠠᠯ ᠵᠢᠭᠤᠯᠴᠢᠯᠠᠯ ᠤᠨ ᠦᠨᠳᠦᠰᠦᠨ ᠦ ᠫᠠᠷᠺ ᠪᠠᠶᠢᠭᠤᠯᠬᠤ ᠠᠵᠢᠯ ᠲᠠᠢ ᠤᠶᠠᠯᠳᠤᠵᠤ ᠤᠯᠤᠰ ᠤᠨ ᠲᠥᠰᠥᠪ ᠦᠨ ᠬᠥᠷᠥᠩᠭᠡ ᠣᠷᠣᠭᠤᠯᠤᠯᠲᠠ ᠪᠠᠷ ᠳᠡᠯᠢᠭᠦᠨ ᠪᠣᠯᠳᠣᠭ ᠨᠢᠰᠬᠦ ᠣᠩᠭᠣᠴᠠᠨ ᠤ ᠰᠢᠨ᠎ᠡ ᠪᠠᠭᠤᠳᠠᠯ ᠢ ᠪᠠᠷᠢᠬᠤ ᠬᠥᠷᠥᠩᠭᠡ ᠣᠷᠣᠭᠤᠯᠤᠯᠲᠠ ᠥᠩᠭᠡᠷᠡᠭᠰᠡᠨ ᠣᠨ ᠳᠤ ᠰᠢᠢᠳᠦᠭᠳᠡᠵᠦ᠂ ᠤᠯᠠᠮ ᠢᠶᠠᠷ 2020 ᠣᠨ ᠤ ᠨᠠᠮᠤᠷ  ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠶᠢᠭᠰᠠᠨ ᠴᠤ ᠲᠠᠬᠤᠯ ᠠᠴᠠ ᠰᠢᠯᠲᠠᠭᠠᠯᠠᠨ ᠬᠣᠶᠢᠰᠢᠯᠠᠭᠠᠳ ᠪᠠᠶᠢᠪᠠ᠃
ᠡᠳᠦᠭᠡ ᠳᠡᠯᠡᠬᠡᠢ ᠳᠠᠶᠠᠭᠠᠷ ᠸᠠᠺᠼᠢᠨᠵᠢᠭᠤᠯᠤᠯᠲᠠ ᠡᠬᠢᠯᠡᠵᠦ᠂ ᠲᠠᠬᠤᠯ ᠤᠨ ᠳᠠᠷᠠᠭᠠᠬᠢ ᠡᠳ᠋ ᠍ ᠦᠨ ᠵᠠᠰᠠᠭ ᠤᠨ ᠰᠡᠷᠭᠦᠯᠲᠡ᠂ ᠠᠶᠠᠯᠠᠯ ᠵᠢᠭᠤᠯᠴᠢᠯᠠᠯ ᠤᠨ ᠡᠷᠴᠢᠮ ᠲᠡᠢ ᠬᠥᠭᠵᠢᠯ ᠳᠤ ᠤᠯᠤᠰ ᠣᠷᠣᠨ ᠨᠤᠭᠤᠳ ᠪᠡᠯᠡᠳᠬᠡᠵᠦ ᠡᠬᠢᠯᠡᠭᠡᠳ ᠪᠠᠶᠢᠨ᠎ᠠ᠃ ᠲᠡᠶᠢᠮᠦ ᠡᠴᠡ ᠠᠶᠠᠯᠠᠯ ᠵᠢᠭᠤᠯᠴᠢᠯᠠᠯ ᠤᠨ ᠰᠠᠯᠪᠤᠷᠢ ᠶᠢ ᠰᠠᠷᠭᠦᠵᠤ᠂ ᠵᠢᠭᠤᠯᠴᠢᠳ ᠤᠨ ᠲᠣᠭ᠎ᠠ ᠤᠷᠢᠳᠤ᠂ ᠤᠷᠢᠳᠤ ᠶᠢᠨ ᠬᠢ ᠠᠴᠠ ᠢᠯᠡᠭᠦᠦ ᠥᠰᠦᠨ ᠨᠡᠮᠡᠭᠳᠡᠬᠦ ᠬᠠᠨᠳᠤᠯᠭ᠎ᠠ ᠲᠠᠢ ᠶᠢ ᠤᠷᠢᠳᠴᠢᠯᠠᠨ ᠲᠣᠭᠠᠴᠠᠭᠠᠯᠠᠵᠤ ᠬᠡᠨᠲᠡᠢ ᠠᠶᠢᠮᠠᠭ ᠤᠨ ᠳᠠᠳᠤᠯ ᠰᠤᠮᠤ ᠳ᠋ᠡᠬᠢ ᠨᠢᠰᠬᠦ ᠪᠠᠭᠤᠳᠠᠯ ᠤᠨ ᠰᠢᠨ᠎ᠡ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠭᠰᠡᠨ ᠨᠢ ᠡᠨᠡ᠃

ᠰᠡᠳᠬᠢᠭᠳᠡᠯ ᠦᠯᠡᠳᠡᠭᠡᠬᠦ