ᠳᠡᠭᠡᠳᠦ ᠰᠢᠭᠦᠬᠦ ᠰ ∙ᠪᠠᠶᠠᠷᠴᠤᠭᠲᠤ ᠨᠠᠷ ᠲᠤ ᠬᠣᠯᠪᠣᠭᠳᠠᠬᠤ ᠬᠡᠷᠡᠭ ᠢ ᠰᠢᠭᠦᠨ᠎ᠡ  | News.MN

ᠳᠡᠭᠡᠳᠦ ᠰᠢᠭᠦᠬᠦ ᠰ ∙ᠪᠠᠶᠠᠷᠴᠤᠭᠲᠤ ᠨᠠᠷ ᠲᠤ ᠬᠣᠯᠪᠣᠭᠳᠠᠬᠤ ᠬᠡᠷᠡᠭ ᠢ ᠰᠢᠭᠦᠨ᠎ᠡ 

 

ᠠᠪᠯᠢᠭ᠎ᠠ ᠲᠠᠢ ᠲᠡᠮᠡᠴᠡᠬᠦ ᠍ ᠠᠴᠠ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠠᠰᠠᠨ ᠰ∙ᠪᠠᠶᠠᠷᠴᠤᠭᠲᠤ ᠨᠠᠷ ᠢ︽ᠤᠭ᠍ᠶᠤᠲᠤᠯᠤᠭᠠᠢ ᠶᠢᠨ ᠭᠡᠷ᠎ᠡ︾ ᠶᠢ ᠦᠵᠦᠭᠯᠡᠬᠦ ᠳᠦ ᠪᠡᠨ ᠡᠷᠬᠡ ᠮᠡᠳᠡᠯ ᠢᠶᠡᠨ ᠠᠰᠢᠭᠯᠠᠵᠤ᠂ ᠪᠤᠰᠤᠳ ᠲᠤ ᠳᠠᠪᠠᠭᠤ ᠪᠠᠶᠢᠳᠠᠯ ᠣᠯᠭᠤᠭᠰᠠᠨ ᠪᠠᠶᠢᠵᠤ ᠪᠣᠯᠵᠣᠰᠢ ᠦᠭᠡᠢ ᠭᠡᠬᠦ ᠦᠨᠳᠦᠰᠦᠯᠡᠯ ᠢᠶᠡᠷ ᠶᠠᠯᠠᠯᠠᠭᠳᠠᠭᠴᠢ ᠪᠠᠷ ᠲᠠᠲᠠᠵᠤ᠂ ᠶᠠᠯ᠎ᠠ ᠣᠨᠣᠭᠠᠭᠰᠠᠨ ᠪᠢᠯᠡ᠃
ᠪᠠᠶᠠᠨᠵᠢᠷᠦᠬᠡ᠂ ᠰᠦᠬᠡᠪᠠᠭᠠᠲᠤᠷ᠂ ᠴᠡᠩᠭᠡᠯᠲᠡᠢ ᠳᠡᠭᠦᠷᠭᠡ ᠶᠢᠨ ᠡᠷᠡᠭᠦᠦ ᠶᠢᠨ ᠬᠡᠷᠡᠭ ᠦᠨ ᠠᠩᠬᠠᠨ ᠱᠠᠲᠤᠨ ᠤ ᠰᠢᠭᠦᠬᠦ ᠡᠴᠡ  ᠪᠠᠶᠠᠷᠴᠤᠭᠲᠤ ᠳᠤ 10 ᠵᠢᠯ ᠦᠨ ᠬᠤᠷᠢᠬᠤ ᠶᠠᠯ᠎ᠠ ᠣᠨᠣᠭᠠᠭᠰᠠᠨ᠃ ᠬᠠᠷᠢᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠠᠩᠬᠠᠨ ᠱᠠᠲᠤᠨ ᠤ ᠰᠢᠭᠦᠬᠦ ᠶᠢᠨ ᠰᠢᠢᠳᠪᠦᠷᠢ ᠶᠢ ᠥᠭᠡᠷᠡᠴᠢᠯᠡᠵᠦ᠂ ᠲᠡᠭᠦᠨ ᠳᠦ ᠣᠨᠣᠭᠠᠭᠰᠠᠨ ᠶᠠᠯ᠎ᠠ ᠶᠢ ᠳᠥᠷᠪᠡᠨ ᠵᠢᠯ ᠨᠠᠢ᠌ᠮᠠᠨ ᠰᠠᠷ᠎ᠠ ᠪᠣᠯᠭᠠᠨ ᠪᠠᠭᠤᠷᠠᠭᠤᠯᠤᠭᠰᠠᠨ᠃ ᠲᠡᠷᠡᠪᠡᠷ ᠥᠮᠥᠭᠡᠯᠡᠭᠴᠢ ᠪᠡᠷ ᠢᠶᠡᠨ ᠳᠠᠮᠵᠢᠭᠤᠯᠤᠨ ᠤᠯᠤᠰ ᠤᠨ ᠳᠡᠭᠡᠳᠦ ᠰᠢᠭᠦᠬᠦ ᠳᠦ ᠬᠠᠨᠳᠤᠭᠰᠠᠨ ᠲᠤᠯᠠ ᠤᠯᠤᠰ ᠤᠨ ᠳᠡᠭᠡᠳᠦ ᠰᠢᠭᠦᠬᠦ ᠢᠷᠡᠬᠦ ᠪᠠᠰᠠᠩ ᠭᠠᠷᠠᠭ ᠲᠤ  ᠲᠡᠭᠦᠨ ᠳᠦ ᠬᠣᠯᠪᠣᠭᠳᠠᠬᠤ ᠬᠡᠷᠡᠭ ᠢ ᠬᠡᠯᠡᠯᠴᠡᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ