ᠪᠠᠷᠠᠭ᠎ᠠ ᠪᠦᠲᠦᠭᠡᠭᠳᠡᠬᠦᠨ ᠢ ᠬᠢᠲᠠᠳ ᠤᠨ ᠬᠢᠯᠢ ᠪᠡᠷ  ᠬᠤᠷᠳᠤᠨ ᠤᠷᠤᠭᠤᠯᠵᠤ ᠭᠠᠷᠭᠠᠨ᠎ᠠ | News.MN

ᠪᠠᠷᠠᠭ᠎ᠠ ᠪᠦᠲᠦᠭᠡᠭᠳᠡᠬᠦᠨ ᠢ ᠬᠢᠲᠠᠳ ᠤᠨ ᠬᠢᠯᠢ ᠪᠡᠷ  ᠬᠤᠷᠳᠤᠨ ᠤᠷᠤᠭᠤᠯᠵᠤ ᠭᠠᠷᠭᠠᠨ᠎ᠠ

 

ᠰᠢᠳᠠᠷ ᠰᠠᠶᠢᠳ ᠰ∙ᠠᠮᠤᠷᠰᠠᠶᠢᠬᠠᠨ ᠬᠢᠲᠠᠳ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠴᠠᠢ ᠸᠸᠨ ᠷᠦᠢ ᠶᠢ ᠬᠦᠯᠢᠶᠡᠨ ᠠᠪᠴᠤ ᠠᠭᠤᠯᠵᠠᠯ᠎ᠠ᠃ ᠮᠠᠨ ᠤ ᠤᠯᠤᠰ ᠠᠴᠠ ᠬᠢᠲᠠᠳ  ᠤᠨ ᠡᠷᠢᠶᠡᠨ ᠬᠣᠲᠠ ᠤᠷᠤᠭᠤ ᠤᠷᠤᠬᠤ᠂ ᠲᠡᠨᠳᠡ ᠡᠴᠡ ᠭᠠᠷᠴᠤ ᠢᠷᠡᠬᠦ ᠲᠡᠭᠡᠭᠡᠪᠤᠷᠢ ᠶᠢ ᠬᠢᠲᠠᠳ  ᠤᠨ ᠲᠠᠯ᠎ᠠ ᠲᠦᠷ ᠬᠤᠭᠤᠴᠠᠭ᠎ᠠ ᠪᠠᠷ ᠬᠢᠵᠠᠭᠠᠷᠯᠠᠭᠰᠠᠨ᠃ ᠡᠭᠦᠨ ᠢ ᠬᠡᠪ ᠦᠨ ᠦᠷᠭᠦᠯᠵᠢᠯᠡᠭᠦᠯᠬᠦ ᠴᠢᠭᠯᠡᠯ ᠢᠶᠡᠷ ᠱᠠᠭᠠᠷᠳᠠᠯᠭ᠎ᠠ ᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠡᠷ ᠬᠢᠲᠠᠳ  ᠤᠨ ᠡᠯᠴᠢᠨ ᠰᠠᠶᠢᠳ ᠲᠠᠢ ᠶᠠᠷᠢᠯᠴᠠᠯ᠎ᠠ᠃
ᠠᠴᠢᠶ᠎ᠠ ᠲᠡᠭᠡᠭᠡᠪᠦᠷᠢ ᠶᠢᠨ ᠬᠡᠷᠡᠭᠰᠡᠯ ᠢ ᠨᠢᠭᠡ ᠪᠥᠷᠢᠴᠢᠯᠡᠨ ᠰᠢᠯᠭᠠᠵᠤ ᠬᠢᠯᠢ ᠶᠢᠨ ᠪᠣᠭᠣᠮᠲᠠ ᠪᠠᠷ ᠨᠡᠪᠲᠡᠷᠡᠭᠦᠯᠵᠦ ᠪᠠᠶᠢᠭ᠎ᠠ ᠨᠢ ᠡᠷᠭᠢᠯᠲᠡ ᠰᠠᠭᠠᠲᠠᠬᠤ ᠰᠢᠯᠲᠠᠭᠠᠨ ᠪᠣᠯᠵᠤ ᠪᠠᠶᠢᠭ᠎ᠠ ᠶᠢ ᠬᠢᠲᠠᠳ ᠤᠨ ᠡᠯᠴᠢᠨ ᠰᠠᠶᠢᠳ ᠮᠡᠳᠡᠭᠳᠡᠭᠡᠳ᠂ ᠪᠣᠭᠣᠨᠢ ᠬᠤᠭᠤᠴᠠᠭᠠᠨ ᠳᠤ ᠠᠴᠢᠶ᠎ᠠ ᠲᠡᠭᠡᠭᠡᠪᠦᠷᠢ ᠶᠢ ᠨᠡᠪᠲᠡᠷᠡᠭᠦᠯᠬᠦ ᠠᠵᠢᠯ ᠢ ᠵᠣᠬᠢᠶᠠᠨ ᠪᠠᠶᠢᠭᠤᠯᠬᠤ ᠳᠤ ᠣᠨᠴᠠᠭᠠᠢ ᠠᠩᠬᠠᠷᠴᠤ ᠠᠵᠢᠯᠯᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ