︽ᠲᠠᠷᠢᠴᠠ᠂ ᠰᠠᠭᠤᠯᠭᠠᠴᠠ-2021︾ ᠴᠠᠬᠢᠮ ᠦᠵᠡᠰᠬᠦᠯᠡᠩ ᠨᠡᠭᠡᠭᠡᠭᠳᠡᠯ᠎ᠡ  | News.MN

︽ᠲᠠᠷᠢᠴᠠ᠂ ᠰᠠᠭᠤᠯᠭᠠᠴᠠ-2021︾ ᠴᠠᠬᠢᠮ ᠦᠵᠡᠰᠬᠦᠯᠡᠩ ᠨᠡᠭᠡᠭᠡᠭᠳᠡᠯ᠎ᠡ 

 

ᠶᠡᠷᠦᠩᠬᠡᠶᠢᠯᠡᠭᠴᠢ ᠶᠢᠨ ᠵᠠᠷᠯᠢᠭ ᠢᠶᠠᠷ ᠵᠢᠯ ᠪᠦᠷᠢ ᠶᠢᠨ ᠲᠠᠪᠤ ᠪᠣᠯᠤᠨ ᠠᠷᠪᠠᠳᠤᠭᠠᠷ ᠰᠠᠷ᠎ᠠ ᠶᠢᠨ ᠬᠤᠶᠠᠳᠠᠬᠢ ᠳᠣᠯᠣᠭ᠎ᠠ ᠬᠣᠨᠣᠭ ᠤᠨ ᠪᠢᠮᠪᠠ ᠭᠠᠷᠠᠭ ᠲᠤ ᠪᠦᠬᠦ ᠨᠡᠶᠢᠲᠡ ᠪᠡᠷ ᠮᠣᠳᠣ ᠲᠠᠷᠢᠳᠠᠭ ᠤᠯᠠᠮᠵᠢᠯᠠᠯ ᠲᠠᠢ᠃ ᠡᠨᠡ ᠬᠦᠷᠢᠶᠡᠨ ᠳᠦ ︽ᠣᠢ ᠶᠢᠨ ᠰᠤᠳᠤᠯᠭ᠎ᠠ ᠬᠥᠭᠵᠢᠯ ᠦᠨ ᠲᠥᠪ︾ ᠤᠯᠤᠰ ᠤᠨ ᠲᠦᠰᠦᠪᠲᠦ ᠦᠢᠯᠡᠳᠪᠦᠷᠢ ᠶᠢᠨ ᠭᠠᠵᠠᠷ ᠠᠴᠠ︽ᠲᠠᠷᠢᠴᠠ᠂ ᠰᠠᠭᠤᠯᠭᠠᠴᠠ-2021︾ ᠴᠠᠬᠢᠮ ᠦᠵᠡᠰᠬᠦᠯᠡᠩ ᠢ ᠵᠣᠬᠢᠶᠠᠨ ᠪᠠᠶᠢᠭᠤᠯᠵᠤ ᠪᠠᠶᠢᠨ᠎ᠠ᠃
ᠣᠳᠣ ᠪᠠᠷ ᠴᠠᠬᠢᠮ ᠦᠵᠡᠰᠬᠦᠯᠡᠩ ᠳᠦ ᠮᠣᠳᠣ ᠦᠷᠡᠵᠢᠭᠦᠯᠬᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ 17 ᠠᠵᠤ ᠠᠬᠤᠢ ᠶᠢᠨ ᠨᠢᠭᠡᠴᠡ ᠶᠢᠨ ᠮᠣᠳᠣ ᠦᠷᠡᠵᠢᠭᠦᠯᠭᠡ ᠶᠢᠨ ᠭᠠᠵᠠᠷ ᠲᠤ ᠪᠡᠯᠡᠳᠬᠡᠵᠦ ᠪᠤᠢ 33 ᠲᠥᠷᠥᠯ ᠵᠦᠢᠯ ᠦᠨ ᠮᠣᠳᠣ ᠪᠤᠲᠠᠨ ᠤ ᠲᠠᠷᠢᠴᠠ᠂ ᠰᠠᠭᠤᠯᠭᠠᠴᠠ᠂ ᠲᠡᠳᠡᠭᠡᠷ ᠦᠨ ᠲᠣᠭ᠎ᠠ ᠬᠡᠮᠵᠢᠶ᠎ᠡ᠂ ᠦᠨ᠎ᠡ᠂ ᠬᠠᠶᠠᠭ ᠪᠠᠶᠢᠷᠢᠰᠢᠯ ᠵᠡᠷᠭᠡ ᠮᠡᠳᠡᠭᠡᠯᠡᠯ ᠣᠷᠣᠵᠠᠢ᠃

ᠰᠡᠳᠬᠢᠭᠳᠡᠯ ᠦᠯᠡᠳᠡᠭᠡᠬᠦ