ᠠᠮᠧᠷᠢᠺᠠ  ᠮᠣᠩᠭᠣᠯ ᠤᠨ ᠰᠲᠷᠠᠲ᠋ᠧᠭᠢ ᠶᠢᠨ ᠲᠦᠩᠰᠢᠯᠡᠯ ᠢ ᠪᠡᠬᠢᠵᠢᠭᠦᠯᠬᠦ ᠲᠣᠭᠲᠠᠭᠠᠯ  ᠢ ᠪᠠᠲᠤᠯᠠᠯ᠎ᠠ  | News.MN

ᠠᠮᠧᠷᠢᠺᠠ  ᠮᠣᠩᠭᠣᠯ ᠤᠨ ᠰᠲᠷᠠᠲ᠋ᠧᠭᠢ ᠶᠢᠨ ᠲᠦᠩᠰᠢᠯᠡᠯ ᠢ ᠪᠡᠬᠢᠵᠢᠭᠦᠯᠬᠦ ᠲᠣᠭᠲᠠᠭᠠᠯ  ᠢ ᠪᠠᠲᠤᠯᠠᠯ᠎ᠠ 

 

ᠠᠮᠧᠷᠢᠺᠠ ᠶᠢᠨ 117 ᠳ᠋ᠤᠭᠠᠷ ᠺᠣᠩᠷᠧᠰᠰ ᠤᠨ ᠰᠧᠨᠠᠲ ᠤᠨ ᠲᠠᠩᠬᠢᠮ︽ᠠᠮᠧᠷᠢᠺᠠ ᠶᠢᠨ ᠨᠢᠭᠡᠳᠦᠭᠰᠡᠨ ᠤᠯᠤᠰ᠂ ᠮᠣᠩᠭᠣᠯ ᠤᠯᠤᠰ ᠤᠨ ᠰᠲᠷᠠᠲ᠋ᠧᠭᠢ ᠶᠢᠨ ᠲᠦᠩᠰᠢᠯᠡᠯ ᠢ ᠪᠠᠲᠤᠳᠬᠠᠬᠤ᠂ ᠮᠣᠩᠭᠣᠯ ᠤᠯᠤᠰ ᠳᠠᠬᠢ ᠠᠷᠠᠳᠴᠢᠯᠠᠭᠰᠠᠨ ᠲᠣᠭᠲᠠᠯᠴᠠᠭᠠᠨ ᠤ 30 ᠵᠢᠯ ᠦᠨ ᠣᠢ ᠶᠢ ᠲᠡᠮᠳᠡᠭᠯᠡᠬᠦ ᠲᠤᠬᠠᠢ︾ᠲᠣᠭᠲᠠᠭᠠᠯ ᠤᠨ ᠲᠥᠰᠥᠯ ᠢ ᠪᠠᠲᠤᠯᠠᠯ᠎ᠠ᠃ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠶᠢᠨ 2019 ᠣᠨ ᠤ ᠳᠣᠯᠣᠳᠤᠭᠠᠷ ᠰᠠᠷ᠎ᠠ ᠳᠤ ᠠᠮᠧᠷᠢᠺᠠ  ᠳᠦ ᠬᠢᠭᠰᠡᠨ ᠠᠶᠢᠯᠴᠢᠯᠠᠯ ᠪᠣᠯᠤᠨ ᠬᠣᠶᠠᠷ ᠤᠯᠤᠰ ᠤᠨ ᠲᠥᠷᠥ ᠶᠢᠨ ᠲᠡᠷᠢᠭᠦᠨ ᠨᠠᠷ ᠤᠨ ᠠᠯᠪᠠᠨ ᠶᠣᠰᠣᠨ ᠤ ᠬᠡᠯᠡᠯᠴᠡᠭᠡᠷ ᠦᠨ ᠦᠷ᠎ᠡ ᠳ᠋ᠦᠩ ᠳᠦ ᠬᠣᠶᠠᠷ ᠤᠯᠤᠰ ᠤᠨ ᠬᠠᠷᠢᠯᠴᠠᠭ᠎ᠠ ᠰᠲᠷᠠᠲ᠋ᠧᠭᠢ ᠶᠢᠨ ᠲᠦᠩᠰᠢᠯᠡᠯ ᠦᠨ ᠲᠦᠪᠰᠢᠨ ᠳᠦ ᠬᠦᠷᠦᠭᠰᠡᠨ ᠢ ᠵᠠᠷᠯᠠᠵᠤ᠂ ᠬᠠᠮᠲᠤᠷᠠᠭᠰᠠᠨ ᠲᠤᠩᠬᠠᠭᠯᠠᠯ ᠭᠠᠷᠭᠠᠭᠰᠠᠨ ᠪᠢᠯᠡ᠃

ᠬᠠᠮᠲᠤᠷᠠᠭᠰᠠᠨ ᠲᠤᠩᠬᠠᠭᠯᠠᠯ ᠢ ᠪᠠᠲᠤᠳᠬᠠᠨ ᠠᠮᠧᠷᠢᠺᠠ ᠶᠢᠨ ᠺᠣᠩᠷᠧᠰᠰ ᠤᠨ ᠰᠧᠨᠠᠲ ᠤᠨ ᠲᠠᠩᠬᠢᠮ ᠪᠠᠲᠤᠯᠠᠵᠤ ᠪᠠᠢᠭ᠎ᠠ ᠨᠢ ᠡᠨᠡ ᠪᠠᠢᠨ᠎ᠠ᠃ ᠳᠡᠭᠡᠷᠡᠬᠢ ᠲᠣᠭᠲᠠᠭᠠᠯ ᠤᠨ ᠲᠥᠰᠥᠯ ᠨᠢ ᠮᠣᠩᠭᠣᠯ ᠠᠮᠧᠷᠢᠺᠠ ᠶᠢᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠪᠡᠬᠢᠵᠢᠭᠦᠯᠦᠨ ᠬᠥᠭᠵᠢᠭᠦᠯᠬᠦ᠂ ᠮᠣᠩᠭᠣᠯ ᠤᠯᠤᠰ ᠤᠨ ᠠᠷᠠᠳᠴᠢᠯᠠᠭᠰᠠᠨ ᠦᠨᠡᠲᠦ ᠵᠦᠢᠯᠡᠰ ᠲᠦ ᠲᠤᠯᠭᠠᠭᠤᠷᠢᠯᠠᠭᠰᠠᠨ ᠬᠥᠭᠵᠢᠯ ᠦᠨ ᠲᠣᠭᠲᠠᠯᠴᠠᠭ᠎ᠠ ᠶᠢ ᠪᠠᠲᠤᠳᠬᠠᠬᠤ᠂ ᠲᠡᠭᠦᠨᠴᠢᠯᠡᠨ ᠠᠮᠧᠷᠢᠺᠠ ᠶᠢᠨ ᠺᠣᠩᠷᠧᠰᠰ  ᠲᠤ ᠰᠢᠨ᠎ᠡ ᠪᠡᠷ ᠳᠠᠬᠢᠨ ᠡᠷᠭᠦᠨ ᠪᠠᠷᠢᠭᠳᠠᠬᠤ ᠪᠠᠷ ᠬᠦᠯᠢᠶᠡᠭᠳᠡᠵᠦ ᠪᠤᠢ ︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠲᠤᠬᠠᠢ︾ᠬᠠᠤᠯᠢ ᠶᠢᠨ ᠲᠥᠰᠥᠯ ᠢ ᠬᠡᠯᠡᠯᠴᠡᠬᠦ ᠦᠢᠯᠡ ᠶᠠᠪᠤᠴᠠ ᠳᠤ ᠲᠦᠯᠬᠢᠴᠡ ᠪᠣᠯᠬᠤ ᠶᠤᠮ᠃

ᠰᠡᠳᠬᠢᠭᠳᠡᠯ ᠦᠯᠡᠳᠡᠭᠡᠬᠦ