ᠰ ∙ ᠠᠮᠤᠷᠰᠠᠶᠢᠬᠠᠨ ᠡᠨᠡᠳᠬᠡᠭ ᠤᠨ ᠡᠯᠴᠢᠨ ᠰᠠᠶᠢᠳ ᠲᠠᠢ ᠠᠭᠤᠯᠵᠠᠪᠠ  | News.MN

ᠰ ∙ ᠠᠮᠤᠷᠰᠠᠶᠢᠬᠠᠨ ᠡᠨᠡᠳᠬᠡᠭ ᠤᠨ ᠡᠯᠴᠢᠨ ᠰᠠᠶᠢᠳ ᠲᠠᠢ ᠠᠭᠤᠯᠵᠠᠪᠠ 

 

ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ 2021 ᠣᠨ ᠤ ᠳᠦᠷᠪᠡᠳᠦᠭᠡᠷ ᠰᠠᠷ᠎ᠠ ᠶᠢᠨ 16 ᠍ ᠤ ᠡᠳᠦᠷ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ∙ᠫ∙ᠰᠢᠩᠭᠾ ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠪᠠᠷ ᠴᠠᠷ᠎ᠠ ᠲᠠᠬᠤᠯ ᠤᠨ ᠦᠶ᠎ᠡ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠵᠦ᠂ ᠢᠯᠠᠩᠭᠤᠶ᠎ᠠ ᠡᠨᠡᠳᠬᠡᠭ ᠤᠯᠤᠰ ᠠᠴᠠ ᠸᠠᠺᠼᠢᠨ ᠨᠡᠶᠢᠯᠡᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠭᠰᠠᠨ᠃

ᠡᠨᠡᠳᠬᠡᠭ ᠤᠯᠤᠰ ᠣᠶᠢᠷ᠎ᠠ ᠶᠢᠨ ᠬᠤᠭᠤᠴᠠᠭᠠᠨ ᠳᠤ ᠴᠠᠷ᠎ᠠ ᠲᠠᠬᠤᠯ ᠤᠨ ᠡᠰᠡᠷᠭᠦ ᠸᠠᠺᠼᠢᠨ ᠤ ᠦᠢᠯᠡᠳᠪᠦᠷᠢᠯᠡᠯ ᠢᠶᠡᠨ ᠨᠡᠮᠡᠭᠳᠡᠭᠦᠯᠬᠦ ᠪᠡᠷ ᠠᠵᠢᠯᠯᠠᠵᠤ ᠪᠠᠶᠢᠭ᠎ᠠ ᠪᠥᠭᠡᠳ ᠰᠲᠷᠠᠲ᠋ᠧᠭᠢ ᠶᠢᠨ ᠲᠦᠩᠰᠢ ᠮᠣᠩᠭᠣᠯ ᠤᠯᠤᠰ ᠲᠤ ᠠᠯᠢ ᠪᠣᠯᠬᠤ ᠣᠶᠢᠷ᠎ᠠ ᠶᠢᠨ ᠬᠤᠭᠤᠴᠠᠭᠠᠨ ᠳᠤ ᠸᠠᠺᠼᠢᠨ ᠨᠡᠶᠢᠯᠡᠭᠦᠯᠬᠦ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠪᠡ᠃ ᠡᠯᠴᠢᠨ ᠰᠠᠶᠢᠳ ᠮᠣᠩᠭᠣᠯ ᠤᠯᠤᠰ ᠲᠤ ᠲᠠᠬᠤᠯ ᠤᠨ ᠨᠥᠬᠥᠴᠡᠯ ᠪᠠᠶᠢᠳᠠᠯ ᠲᠤᠩ ᠤᠳᠠᠯ ᠦᠭᠡᠢ ᠰᠠᠶᠢᠵᠢᠷᠠᠨ᠎ᠠ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠢᠯᠡᠷᠬᠡᠶᠢᠯᠡᠵᠦ᠂ ᠲᠠᠬᠤᠯ ᠢ ᠲᠣᠭᠲᠠᠭᠠᠨ ᠪᠠᠷᠢᠬᠤ ᠦᠢᠯᠡ ᠬᠡᠷᠡᠭ ᠲᠦ ᠰᠢᠳᠠᠷ ᠰᠠᠶᠢᠳ ᠢᠶᠠᠷ ᠤᠳᠤᠷᠢᠳᠤᠭᠤᠯᠤᠭᠰᠠᠨ ᠪᠠᠭ ᠢᠳᠡᠪᠬᠢ ᠴᠢᠷᠮᠠᠶᠢᠯᠲᠠ ᠭᠠᠷᠭᠠᠨ ᠠᠵᠢᠯᠯᠠᠵᠤ ᠪᠠᠶᠢᠭ᠎ᠠ ᠶᠢ ᠲᠡᠮᠳᠡᠭᠯᠡᠪᠡ᠃

ᠰᠡᠳᠬᠢᠭᠳᠡᠯ ᠦᠯᠡᠳᠡᠭᠡᠬᠦ