ᠴᠢᠯᠦᠭᠡᠲᠦ ᠪᠥᠬᠡ ᠶᠢᠨ ᠡᠮᠡᠭᠲᠡᠶᠢᠴᠦᠳ ᠪᠠᠭ ᠢᠶᠠᠷ ᠢᠶᠠᠨ ᠲᠡᠷᠢᠭᠦᠯᠡᠯ᠎ᠡ  | News.MN

ᠴᠢᠯᠦᠭᠡᠲᠦ ᠪᠥᠬᠡ ᠶᠢᠨ ᠡᠮᠡᠭᠲᠡᠶᠢᠴᠦᠳ ᠪᠠᠭ ᠢᠶᠠᠷ ᠢᠶᠠᠨ ᠲᠡᠷᠢᠭᠦᠯᠡᠯ᠎ᠡ 

ᠬᠠᠰᠠᠭᠰᠲ᠋ᠠᠨ ᠳᠤ ᠵᠣᠬᠢᠶᠠᠭᠳᠠᠵᠤ ᠪᠠᠶᠢᠭ᠎ᠠ ᠴᠢᠯᠦᠭᠡᠲᠦ ᠪᠥᠬᠡ ᠶᠢᠨ ᠨᠠᠰᠤᠨ ᠳᠤ ᠬᠦᠷᠦᠭᠰᠡᠳ ᠦᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠣᠷᠣᠯᠴᠠᠭᠰᠠᠨ ᠮᠣᠩᠭᠣᠯ ᠤᠨ ᠡᠮᠡᠭᠲᠡᠢ ᠪᠠᠭ ᠲᠠᠮᠢᠷᠴᠢᠳ ᠥᠴᠥᠭᠡᠳᠦᠷ 53᠂ 57᠂ 62᠂ 65᠂ 72 ᠺᠢᠯᠦᠭᠷᠡᠮ ᠤᠨ ᠵᠢᠩ ᠦᠨ ᠪᠠᠷᠢᠯᠳᠤᠭᠠᠨ ᠢᠶᠠᠨ ᠬᠢᠵᠦ᠂ ᠭᠤᠷᠪᠠᠨ ᠪᠥᠬᠡ ᠠᠪᠤᠷᠭᠤ ᠶᠢᠨ ᠲᠥᠯᠥᠭᠡ ᠬᠦᠴᠦ ᠦᠵᠡᠯ᠎ᠡ᠃
57 ᠺᠢᠯᠦᠭᠷᠡᠮ ᠤᠨ ᠵᠢᠩ ᠳᠦ ᠠ᠊∙ᠪᠠᠲᠤᠴᠡᠴᠡᠭ᠂ 62 ᠺᠢᠯᠦᠭᠷᠡᠮ ᠳᠦ ᠬ∙ᠪᠣᠯᠣᠷᠲᠤᠶᠠᠭ᠎ᠠ᠂ 65  ᠺᠢᠯᠦᠭᠷᠡᠮ ᠳᠦ ᠽ∙ᠪᠣᠯᠣᠷᠲᠤᠩᠭᠠᠯᠠᠭ ᠨᠠᠷ ᠠᠯᠲᠠᠨ ᠮᠧᠳᠠᠯ ᠤᠨ ᠲᠥᠯᠥᠭᠡ ᠥᠷᠢᠰᠦᠯᠳᠦᠵᠦ᠂ 72 ᠺᠢᠯᠦᠭᠷᠡᠮ ᠳᠦ ᠡ᠊∙ᠴᠡᠪᠡᠭᠮᠢᠳ ᠬᠦᠷᠡᠯ ᠮᠧᠳᠠᠯ ᠤᠨ ᠪᠣᠯᠵᠣᠯ ᠬᠠᠩᠭᠠᠭᠰᠠᠨ ᠪᠠᠶᠢᠨ᠎ᠠ᠃ ᠢᠩᠭᠢᠭᠡᠳ ᠠ᠊∙ᠪᠠᠲᠤᠴᠡᠴᠡᠭ ᠮᠥᠩᠭᠥᠨ ᠮᠧᠳᠠᠯ ᠂ ᠽ∙ᠪᠣᠯᠣᠷᠲᠤᠩᠭᠠᠯᠠᠭ ᠠᠯᠲᠠᠨ ᠮᠧᠳᠠᠯ ᠬᠦᠷᠲᠡᠵᠦ᠂ ᠮᠣᠩᠭᠣᠯ ᠤᠯᠤᠰ ᠤᠨ ᠲᠤᠭ ᠢᠶᠠᠨ ᠮᠠᠨᠳᠤᠭᠤᠯᠵᠤ᠂ ᠲᠥᠷᠥ ᠶᠢᠨ ᠳᠠᠭᠤᠯᠠᠯ ᠢᠶᠠᠨ ᠡᠭᠡᠰᠢᠭᠯᠡᠭᠦᠯᠪᠡ᠃ ᠮᠠᠨ ᠤ ᠤᠯᠤᠰ ᠤᠨ ᠡᠮᠡᠭᠲᠡᠢ ᠲᠠᠮᠢᠷᠴᠢᠳ ᠠᠯᠮᠠᠲ  ᠤᠨ ᠲᠡᠮᠡᠴᠡᠭᠡᠨ ᠳᠦ ᠪᠦᠲᠦᠨ ᠪᠠᠭ ᠢᠶᠠᠷ ᠣᠷᠣᠯᠴᠠᠵᠤ᠂ 173 ᠣᠨᠣᠭ᠎ᠠ ᠪᠠᠷ ᠲᠡᠷᠢᠭᠦᠯᠡᠯ᠎ᠡ᠃ ᠡᠨᠡᠳᠬᠡᠭ ᠦᠨ ᠪᠥᠬᠡᠴᠦᠳ  ᠠᠮᠠᠨ ᠬᠥᠵᠦᠭᠦᠳᠡᠵᠦ᠂ ᠵᠣᠬᠢᠶᠠᠨ ᠪᠠᠶᠢᠭᠤᠯᠤᠭᠴᠢ ᠣᠷᠣᠨ ᠬᠠᠰᠠᠭᠰᠲ᠋ᠠᠨ 156 ᠣᠨᠣᠭ᠎ᠠ ᠪᠠᠷ ᠤᠳᠠᠭᠠᠯᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ