ᠮᠣᠩᠭᠣᠯ ᠤᠨ ᠠᠩᠬᠠᠨ ᠤ ᠨᠠᠷᠠᠨ ᠤ ᠴᠠᠬᠢᠯᠭᠠᠨ ᠰᠲ᠋ᠠᠨᠼ  ᠢ  ᠪᠠᠷᠢᠨ᠎ᠠ | News.MN

ᠮᠣᠩᠭᠣᠯ ᠤᠨ ᠠᠩᠬᠠᠨ ᠤ ᠨᠠᠷᠠᠨ ᠤ ᠴᠠᠬᠢᠯᠭᠠᠨ ᠰᠲ᠋ᠠᠨᠼ  ᠢ  ᠪᠠᠷᠢᠨ᠎ᠠ

 

ᠶᠠᠫᠣᠨ ᠤ JGC Holdings᠂ NGK Insulators Ltd ᠪᠣᠯᠤᠨ MCS ᠺᠤᠮᠫᠠᠨᠢ ᠨᠤᠭᠤᠳ ᠤᠨ ᠲᠦᠩᠰᠢᠯᠡᠯ 5 ᠮᠸᠭᠢᠸᠠᠲ᠍ ᠤᠨ ᠬᠦᠴᠦᠨ ᠴᠢᠳᠠᠯ ᠪᠦᠬᠦᠢ ᠮᠣᠩᠭᠣᠯ ᠤᠨ ᠠᠩᠬᠠᠨ ᠤ ᠡᠷᠴᠢᠮ ᠬᠦᠴᠦᠨ ᠦ ᠬᠤᠷᠠᠮᠲᠤᠯᠠᠭᠤᠷ ᠲᠠᠢ ᠨᠠᠷᠠᠨ ᠤ ᠴᠠᠬᠢᠯᠭᠠᠨ ᠰᠲ᠋ᠠᠨᠼ ᠤᠨ ᠲᠥᠰᠥᠯ ᠳᠦ ᠰᠢᠯᠭᠠᠷᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠬᠦ ᠪᠡᠷ ᠪᠣᠯᠤᠭᠰᠠᠨ ᠪᠢᠯᠡ᠃
ᠤᠭ ᠨᠠᠷᠠᠨ ᠤ ᠴᠠᠬᠢᠯᠭᠠᠨ ᠰᠲ᠋ᠠᠨᠼ ᠢ ᠪᠠᠶᠢᠭᠤᠯᠬᠤ ᠠᠵᠢᠯ ᠤᠯᠠᠭᠠᠨᠪᠠᠭᠠᠲᠤᠷ ᠬᠣᠲᠠ ᠠᠴᠠ ᠪᠠᠷᠠᠭᠤᠨ ᠵᠦᠭ ᠲᠦ 1100 ᠺᠢᠯᠣᠮᠧᠲ᠋ᠷ ᠵᠠᠢ ᠳᠤ ᠪᠤᠶᠤ ᠵᠠᠪᠬᠠᠨ ᠠᠶᠢᠮᠠᠭ ᠤᠨ ᠤᠯᠢᠶᠠᠰᠤᠲᠠᠢ ᠰᠤᠮᠤᠨ ᠳᠤ ᠡᠨᠡ ᠰᠠᠷ᠎ᠠ ᠠᠴᠠ ᠡᠬᠢᠯᠡᠬᠦ ᠪᠥᠭᠡᠳ ᠰᠲ᠋ᠠᠨᠼ ᠤᠨ ᠦᠢᠯᠡ ᠠᠵᠢᠯᠯᠠᠭ᠎ᠠ ᠶᠢ 2022 ᠣᠨ ᠤ ᠬᠠᠪᠤᠷ ᠠᠴᠠ ᠡᠬᠢᠯᠡᠭᠦᠯᠬᠦ ᠪᠡᠷ ᠲᠥᠯᠥᠪᠯᠡᠵᠡᠢ᠃ ᠰᠲ᠋ᠠᠨᠼ ᠠᠰᠢᠭᠯᠠᠯᠲᠠ ᠳᠤ ᠤᠷᠤᠪᠠᠯ ᠤᠯᠢᠶᠠᠰᠤᠲᠠᠢ ᠰᠤᠮᠤ ᠶᠢᠨ 20 ᠮᠢᠩᠭ᠎ᠠ ᠣᠷᠴᠢᠮ ᠣᠷᠣᠰᠢᠨ ᠰᠠᠭᠤᠭᠴᠢ ᠶᠢᠨ ᠡᠷᠴᠢᠮ ᠬᠦᠴᠦᠨ ᠦ ᠬᠡᠷᠡᠭᠴᠡᠭᠡ ᠶᠢ ᠬᠠᠩᠭᠠᠬᠤ ᠶᠤᠮ᠃

ᠰᠡᠳᠬᠢᠭᠳᠡᠯ ᠦᠯᠡᠳᠡᠭᠡᠬᠦ