ᠡᠮᠨᠡᠯᠭᠡ ᠶᠢᠨ ᠪᠠᠭᠠᠵᠢ ᠬᠡᠷᠡᠭᠰᠡᠯ ᠦᠨ ᠢᠮᠫᠣᠷᠲ 7.2 ᠰᠠᠶ᠎ᠠ ᠳ᠋ᠣᠯᠯᠠᠷ ᠪᠣᠯᠪᠠ  | News.MN

ᠡᠮᠨᠡᠯᠭᠡ ᠶᠢᠨ ᠪᠠᠭᠠᠵᠢ ᠬᠡᠷᠡᠭᠰᠡᠯ ᠦᠨ ᠢᠮᠫᠣᠷᠲ 7.2 ᠰᠠᠶ᠎ᠠ ᠳ᠋ᠣᠯᠯᠠᠷ ᠪᠣᠯᠪᠠ 

 

ᠮᠣᠩᠭᠣᠯ ᠤᠯᠤᠰ ᠣᠨ ᠤ ᠡᠬᠢᠨ ᠦ ᠭᠤᠷᠪᠠᠨ ᠰᠠᠷ᠎ᠠ ᠶᠢᠨ ᠪᠠᠶᠢᠳᠠᠯ ᠢᠶᠠᠷ 7.2 ᠰᠠᠶ᠎ᠠ ᠳ᠋ᠣᠯᠯᠠᠷ ᠢᠶᠠᠷ ᠡᠮᠨᠡᠯᠭᠡ ᠶᠢᠨ ᠵᠣᠷᠢᠭᠤᠯᠤᠯᠲᠠ ᠲᠠᠢ ᠪᠠᠭᠠᠵᠢ ᠬᠡᠷᠡᠭᠰᠡᠯ ᠢᠮᠫᠣᠷᠲ ᠢᠶᠠᠷ ᠠᠪᠤᠭᠰᠠᠨ ᠪᠠᠶᠢᠨ᠎ᠠ᠃ ᠡᠨᠡ ᠨᠢ ᠡᠮᠦᠨᠡᠬᠢ ᠬᠣᠶᠠᠷ ᠰᠠᠷ᠎ᠠ ᠠᠴᠠ 2.3 ᠰᠠᠶ᠎ᠠ ᠳ᠋ᠣᠯᠯᠠᠷ ᠢᠶᠠᠷ ᠥᠰᠦᠭᠰᠡᠨ ᠪᠠᠢᠨ᠎ᠠ᠃ ᠡᠮᠨᠡᠯᠭᠡ ᠶᠢᠨ ᠪᠠᠭᠠᠵᠢ ᠬᠡᠷᠡᠭᠰᠡᠯ ᠢ 36 ᠤᠯᠤᠰ ᠠᠴᠠ ᠠᠪᠤᠭᠰᠠᠨ ᠠᠴᠠ ᠬᠠᠮᠤᠭ ᠤᠨ ᠶᠡᠬᠡ ᠪᠤᠶᠤ 32.4 ᠬᠤᠪᠢ ᠶᠢ ᠨᠢ ᠬᠢᠲᠠᠳ ᠤᠨ ᠪᠦᠲᠦᠭᠡᠭᠳᠡᠬᠦᠨ ᠪᠦᠷᠢᠳᠦᠭᠦᠯᠵᠦ ᠪᠠᠶᠢᠭ᠎ᠠ ᠶᠢ ᠭᠠᠶᠢᠯᠢ ᠶᠢᠨ ᠶᠡᠷᠦᠩᠬᠡᠢ ᠭᠠᠵᠠᠷ ᠮᠡᠳᠡᠭᠡᠯᠡᠯ᠎ᠡ᠃
ᠭᠸᠷᠮᠡᠨ ᠍ ᠠᠴᠠ 1.5 ᠰᠠᠶ᠎ᠠ ᠳ᠋ᠣᠯᠯᠠᠷ ᠢᠶᠠᠷ ᠦᠨᠡᠯᠡᠭᠳᠡᠬᠦ ᠪᠠᠭᠠᠵᠢ ᠬᠡᠷᠡᠭᠰᠡᠯ ᠠᠪᠴᠠᠢ᠃ ᠴᠠᠷ᠎ᠠ ᠲᠠᠬᠤᠯ ᠤᠨ ᠦᠶ᠎ᠡ ᠳᠦ ᠬᠠᠯᠳᠠᠪᠤᠷᠢ ᠬᠠᠮᠠᠭᠠᠯᠠᠯ ᠤᠨ ᠳᠢᠭᠯᠢᠮ ᠪᠠᠷᠢᠬᠤ ᠱᠠᠭᠠᠷᠳᠠᠯᠭ᠎ᠠ ᠨᠡᠮᠡᠭᠳᠡᠵᠦ᠂ ᠠᠷᠢᠭᠤᠳᠬᠠᠯ ᠤᠨ ᠬᠠᠭᠠᠯᠭ᠎ᠠ᠂ ᠬᠠᠯᠠᠭᠤᠨ ᠬᠡᠮᠵᠢᠭᠴᠢ ᠵᠡᠷᠭᠡ ᠲᠣᠨᠣᠭ ᠲᠥᠬᠥᠭᠡᠷᠦᠮᠵᠢ ᠶᠢᠨ ᠡᠷᠢᠯᠲᠡ ᠳᠤᠲᠤᠭᠠᠳᠤ ᠳᠤ ᠡᠷᠡᠰ ᠨᠡᠮᠡᠭᠳᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ