ᠠᠮᠧᠷᠢᠺᠠ ᠶᠢᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠲᠠᠢ ᠤᠲᠠᠰᠤ ᠪᠠᠷ ᠶᠠᠷᠢᠵᠠᠢ  | News.MN

ᠠᠮᠧᠷᠢᠺᠠ ᠶᠢᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠲᠠᠢ ᠤᠲᠠᠰᠤ ᠪᠠᠷ ᠶᠠᠷᠢᠵᠠᠢ 

 

ᠠᠮᠧᠷᠢᠺᠠ ᠶᠢᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠠᠨᠲ᠋ᠣᠨᠢ ᠪᠯᠢᠨᠺᠧᠨ ᠳᠠᠸᠠ ᠭᠠᠷᠠᠭ ᠲᠤ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠲᠡᠢ ᠤᠲᠠᠰᠤ ᠪᠠᠷ ᠶᠠᠷᠢᠭᠰᠠᠨ ᠲᠠᠯ᠎ᠠ ᠪᠠᠷ ᠠᠮᠧᠷᠢᠺᠠ ᠶᠢᠨ ᠲᠥᠷᠥ ᠶᠢᠨ ᠳ᠋ᠸᠫᠠᠷᠲᠮᠸᠨᠲ ᠤᠨ ᠬᠡᠪᠯᠡᠯ ᠦᠨ ᠲᠥᠯᠥᠭᠡᠯᠡᠭᠴᠢ ᠨᠧᠳ᠋ ᠫᠷᠠᠶᠢᠰ ᠮᠡᠳᠡᠭᠡᠯᠡᠯ᠎ᠡ᠃ ᠠᠨᠲ᠋ᠣᠨᠢ ᠪᠯᠢᠨᠺᠧᠨ ᠬᠣᠶᠠᠷ ᠣᠷᠣᠨ ᠤ ᠰᠲᠷᠠᠲ᠋ᠧᠭᠢ ᠶᠢᠨ ᠲᠦᠩᠰᠢᠯᠡᠯ ᠦᠨ ᠬᠦᠴᠦ ᠴᠢᠳᠠᠯ ᠢ ᠴᠣᠬᠣᠨ ᠲᠡᠮᠳᠡᠭᠯᠡᠭᠡᠳ᠂ ᠮᠣᠩᠭᠣᠯ ᠤᠯᠤᠰ ᠣᠯᠠᠨ ᠤᠯᠤᠰ ᠤᠨ ᠡᠩᠬᠡ ᠲᠠᠶᠢᠪᠤᠩ᠂ ᠠᠶᠤᠯᠭᠦᠢ ᠪᠠᠶᠢᠳᠠᠯ᠂ ᠬᠥᠭᠵᠢᠯ ᠴᠡᠴᠡᠭᠯᠡᠯᠲᠡ ᠶᠢᠨ ᠲᠥᠯᠥᠭᠡ ᠸᠠᠰᠢᠩᠲ᠋ᠣᠨ ᠲᠠᠢ ᠲᠤᠤᠱᠲᠠᠢ ᠬᠠᠮᠲᠤᠷᠠᠨ ᠠᠵᠢᠯᠯᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠭᠡᠳ ᠠᠹᠭᠠᠨᠢᠰᠲ᠋ᠠᠨ ᠳ᠋ᠡᠬᠢ ᠮᠣᠩᠭᠣᠯ ᠤᠨ ᠡᠩᠬᠡ ᠶᠢ ᠰᠠᠬᠢᠭᠤᠯᠤᠭᠴᠢᠳ ᠤᠨ ᠡᠭᠦᠷᠭᠡ ᠣᠷᠣᠯᠴᠠᠭ᠎ᠠ ᠶᠢ ᠥᠨᠳᠥᠷ ᠢᠶᠡᠷ ᠦᠨᠡᠯᠡᠭᠰᠡᠨ ᠪᠠᠶᠢᠨ᠎ᠠ᠃

ᠮᠥᠨ  ᠬᠤᠶᠠᠷ ᠰᠠᠢᠳ ᠮᠣᠩᠭᠣᠯ ᠤᠯᠤᠰ ᠳᠠᠬᠢ  ᠲᠠᠬᠤᠯ ᠤᠨ ᠨᠥᠬᠥᠴᠡᠯ ᠪᠠᠶᠢᠳᠠᠯ ᠤᠨ ᠲᠠᠯ᠎ᠠ ᠪᠠᠷ ᠰᠠᠨᠠᠯ ᠰᠣᠯᠢᠯᠴᠠᠵᠠᠢ᠃ ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠮᠣᠩᠭᠣᠯ ᠤᠯᠤᠰ ᠴᠠᠷ᠎ᠠ ᠲᠠᠬᠤᠯ ᠤᠨ ᠤᠯᠠᠮ ᠠᠴᠠ ᠪᠤᠢ ᠪᠣᠯᠤᠭᠰᠠᠨ ᠡᠭᠦᠰᠦᠭᠰᠡᠨ ᠰᠣᠷᠢᠯᠲᠠ᠂ ᠪᠡᠷᠬᠡᠰᠢᠶᠡᠯ ᠦᠳ ᠢ ᠦᠯᠦ ᠬᠠᠷᠠᠭᠠᠯᠵᠠᠨ ᠣᠯᠠᠨ ᠤᠯᠤᠰ ᠤᠨ ᠬᠠᠷᠢᠭᠤᠴᠠᠯᠭ᠎ᠠ ᠲᠠᠢ ᠣᠷᠣᠯᠴᠠᠭ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠪᠡᠷ ᠲᠥᠯᠥᠪᠯᠡᠵᠦ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ