ᠬᠥᠯ ᠬᠣᠷᠢᠭᠠᠨ ᠤ ᠬᠤᠭᠤᠴᠠᠭᠠᠨ ᠳᠤ ᠰᠡᠳᠬᠢᠯ ᠵᠦᠢ ᠶᠢᠨ ᠬᠦᠴᠦᠷᠬᠡᠶᠢᠯᠡᠯ ᠨᠡᠮᠡᠭᠳᠡᠵᠡᠢ  | News.MN

ᠬᠥᠯ ᠬᠣᠷᠢᠭᠠᠨ ᠤ ᠬᠤᠭᠤᠴᠠᠭᠠᠨ ᠳᠤ ᠰᠡᠳᠬᠢᠯ ᠵᠦᠢ ᠶᠢᠨ ᠬᠦᠴᠦᠷᠬᠡᠶᠢᠯᠡᠯ ᠨᠡᠮᠡᠭᠳᠡᠵᠡᠢ 

 

ᠬᠥᠯ ᠬᠣᠷᠢᠭᠠᠨ ᠤ ᠡᠳᠦᠷ ᠦᠳ ᠲᠦ ᠭᠡᠷ ᠪᠦᠯᠢ ᠶᠢᠨ ᠰᠡᠳᠬᠢᠯ ᠵᠦᠢ ᠶᠢᠨ ᠬᠦᠴᠦᠷᠬᠡᠶᠢᠯᠡᠯ ᠨᠡᠮᠡᠭᠳᠡᠵᠡᠢ᠃ ᠲᠣᠳᠣᠷᠠᠭᠤᠯᠪᠠᠯ᠂ ᠬᠥᠯ ᠬᠣᠷᠢᠭ᠎ᠠ ᠲᠣᠭᠲᠠᠭᠠᠭᠰᠠᠨ ᠬᠣᠶᠠᠷ ᠵᠢᠯ ᠦᠨ ᠬᠤᠭᠤᠴᠠᠭᠠᠨ ᠳᠤ 107 ᠲᠤᠰᠬᠠᠢ ᠳ᠋ᠤᠭᠠᠷ ᠲᠤ ᠢᠷᠡᠭᠰᠡᠨ ᠭᠡᠷ ᠪᠦᠯᠢ ᠶᠢᠨ ᠬᠦᠴᠦᠷᠬᠡᠶᠢᠯᠡᠯ ᠦᠨ ᠳᠠᠭᠤᠳᠠᠯᠭ᠎ᠠ ᠬᠣᠶᠠᠷ ᠳᠠᠬᠢᠨ ᠨᠡᠮᠡᠭᠳᠡᠭᠰᠡᠨ ᠪᠠᠶᠢᠨ᠎ᠠ᠃
ᠡᠨᠡ ᠲᠠᠯ᠎ᠠ ᠪᠠᠷ ᠰᠡᠳᠬᠢᠯ ᠵᠦᠢᠴᠢ ᠴ᠂ ᠲᠣᠭᠣᠰ᠄ ᠬᠥᠯ ᠬᠣᠷᠢᠭ᠎ᠠ ᠲᠣᠭᠲᠠᠭᠠᠭ᠎ᠠ ᠦᠭᠡᠢ ᠦᠶ᠎ᠡ ᠳᠦ  ᠬᠦᠴᠦᠷᠬᠡᠢᠯᠡᠯ ᠦᠢᠯᠡᠳᠦᠭᠴᠢ ᠶᠤᠮ ᠤᠤ ᠬᠣᠬᠢᠷᠠᠭᠴᠢ ᠨᠡᠶᠢᠭᠡᠮ ᠤᠨ ᠬᠠᠷᠢᠯᠴᠠᠭᠠᠨ ᠳᠤ ᠣᠷᠣᠯᠴᠠᠭᠠᠳ᠂  ᠭᠡᠷ ᠪᠦᠯᠢ ᠲᠡᠢ ᠪᠡᠨ ᠬᠠᠮᠲᠤ ᠪᠠᠭ᠎ᠠ ᠴᠠᠭ ᠢ ᠥᠩᠭᠡᠷᠡᠭᠡᠳᠡᠭ᠃ ᠬᠠᠷᠢᠨ ᠣᠳᠣ ᠨᠢᠭᠡ ᠳᠣᠣᠷ᠎ᠠ ᠤᠳᠠᠭᠠᠨ ᠬᠤᠭᠤᠴᠠᠭᠠᠨ ᠳᠤ ᠬᠠᠮᠲᠤ ᠪᠠᠶᠢᠭᠰᠠᠨ ᠤ ᠤᠯᠠᠮ ᠠᠴᠠ ᠵᠥᠷᠢᠴᠡᠯ ᠪᠤᠢ ᠪᠣᠯᠵᠤ᠂ ᠪᠡᠶ᠎ᠡ ᠪᠡᠶ᠎ᠡ ᠳᠦ ᠪᠡᠨ ᠰᠡᠳᠬᠢᠯ ᠵᠦᠢ ᠶᠢᠨ ᠬᠦᠴᠦᠷᠬᠡᠶᠢᠯᠡᠯ ᠦᠢᠯᠡᠳᠬᠦ ᠨᠢ ᠲᠦᠭᠡᠮᠡᠯ ᠪᠠᠶᠢᠨ᠎ᠠ᠃ ᠲᠡᠶᠢᠮᠦ ᠡᠴᠡ ᠬᠣᠣᠰ ᠤᠳ ᠬᠠᠨᠳᠤᠯᠭ᠎ᠠ ᠪᠠᠨ ᠥᠭᠡᠷᠡᠴᠢᠯᠡᠵᠦ᠂ ᠬᠥᠯ ᠬᠣᠷᠢᠭᠠᠨ ᠤ ᠬᠤᠭᠤᠴᠠᠭ᠎ᠠ ᠶᠢ ᠦᠷ᠎ᠡ ᠳ᠋ᠦᠩ ᠲᠡᠢ ᠥᠩᠭᠡᠷᠡᠭᠡᠬᠦ ᠨᠢ ᠴᠢᠬᠤᠯᠠ ᠶᠤᠮ ᠭᠡᠯ᠎ᠡ᠃

ᠰᠡᠳᠬᠢᠭᠳᠡᠯ ᠦᠯᠡᠳᠡᠭᠡᠬᠦ