ᠨ ∙ ᠡᠩᠬᠡᠪᠠᠶᠠᠷ ᠮᠤᠩᠭᠤᠯ ᠠᠷᠠᠳ ᠤᠨ ᠨᠠᠮ ᠍ ᠠᠴᠠ ᠨᠡᠷ᠎ᠡ ᠳᠡᠪᠰᠢᠭᠴᠢ ᠶᠢ ᠳᠡᠮᠵᠢᠨ ᠠᠵᠢᠯᠯᠠᠨ᠎ᠠ  | News.MN

ᠨ ∙ ᠡᠩᠬᠡᠪᠠᠶᠠᠷ ᠮᠤᠩᠭᠤᠯ ᠠᠷᠠᠳ ᠤᠨ ᠨᠠᠮ ᠍ ᠠᠴᠠ ᠨᠡᠷ᠎ᠡ ᠳᠡᠪᠰᠢᠭᠴᠢ ᠶᠢ ᠳᠡᠮᠵᠢᠨ ᠠᠵᠢᠯᠯᠠᠨ᠎ᠠ 

 

ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠳᠠᠷᠤᠭ᠎ᠠ ᠨ∙ᠡᠩᠬᠡᠪᠠᠶᠠᠷ 2021 ᠣᠨ ᠤ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠮᠤᠩᠭᠤᠯ ᠠᠷᠠᠳ ᠤᠨ ᠨᠠᠮ ᠍ ᠠᠴᠠ ᠨᠡᠷ᠎ᠡ ᠳᠡᠪᠰᠢᠭᠴᠢ ᠶᠢ ᠳᠡᠮᠵᠢᠨ ᠠᠵᠢᠯᠯᠠᠬᠤ ᠪᠠᠨ ᠢᠯᠡᠷᠬᠡᠶᠢᠯᠡᠯ᠎ᠡ᠃ ᠥᠴᠥᠭᠡᠳᠦᠷ ᠮᠤᠩᠭᠤᠯ ᠠᠷᠠᠳ ᠤᠨ ᠨᠠᠮ ᠤᠨ ᠤᠳᠤᠷᠢᠳᠬᠤ ᠵᠥᠪᠯᠡᠯ ᠴᠠᠬᠢᠮ ᠢᠶᠠᠷ ᠬᠤᠷᠠᠯᠳᠤᠵᠤ᠂ ᠮᠤᠩᠭᠤᠯ ᠠᠷᠠᠳ ᠤᠨ ᠨᠠᠮ᠂ ᠮᠣᠩᠭᠣᠯ ᠠᠷᠠᠳ ᠤᠨ ᠬᠤᠪᠢᠰᠬᠠᠯᠲᠤ ᠨᠠᠮ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠨᠢᠭᠡᠳᠦᠨ ᠤᠷᠤᠯᠴᠠᠬᠤ ᠡᠰᠡᠬᠦ ᠠᠰᠠᠭᠤᠳᠠᠯ ᠢ ᠬᠡᠯᠡᠯᠴᠡᠨ᠂ ᠬᠠᠮᠲᠤᠷᠠᠬᠤ ᠪᠠᠷ ᠲᠣᠭᠲᠠᠭᠰᠠᠨ ᠪᠠᠶᠢᠨ᠎ᠠ᠃
ᠡᠭᠦᠨ ᠦ ᠳᠠᠷᠠᠭ᠎ᠠ ᠬᠣᠶᠠᠷ ᠨᠠᠮ ᠤᠨ ᠲᠥᠯᠥᠭᠡᠯᠡᠯ ᠴᠠᠬᠢᠮ ᠢᠶᠠᠷ ᠬᠣᠯᠪᠣᠭᠳᠠᠨ ᠤᠭ ᠠᠰᠠᠭᠤᠳᠠᠯ ᠢᠶᠠᠷ ᠪᠠᠶᠢᠷᠢ ᠰᠠᠭᠤᠷᠢ ᠪᠠᠨ  ᠢᠯᠡᠷᠬᠡᠢᠯᠡᠬᠦ ᠦᠶ᠎ᠡ ᠳᠦ᠂ ᠨ∙ᠡᠩᠬᠡᠪᠠᠶᠠᠷ ᠲᠡᠦᠬᠡ᠂ ᠦᠵᠡᠯ ᠪᠠᠷᠢᠮᠲᠠᠯᠠᠯ ᠨᠢᠭᠡᠲᠡᠢ ᠬᠣᠶᠠᠷ ᠨᠠᠮ ᠤᠨ ᠬᠤᠪᠢ ᠳᠤ 100 ᠵᠢᠯ ᠦᠨ ᠪᠤᠱᠤᠭᠠᠨ ᠳᠡᠭᠡᠷ᠎ᠡ ᠨᠢᠭᠡᠳᠴᠦ᠂ ᠤᠯᠤᠰ ᠣᠷᠣᠨ ᠤ ᠡᠮᠦᠨ᠎ᠡ ᠲᠤᠯᠭᠠᠮᠳᠠᠭᠰᠠᠨ ᠲᠣᠮᠣᠬᠠᠨ ᠵᠣᠷᠢᠯᠲᠠ ᠨᠤᠭᠤᠳ ᠢ ᠬᠠᠮᠲᠤ ᠶᠢᠨ ᠬᠦᠴᠦ ᠪᠡᠷ ᠰᠢᠢᠳᠪᠦᠷᠢᠯᠡᠬᠦ ᠲᠡᠦᠬᠡᠨ ᠪᠣᠯᠤᠮᠵᠢ ᠶᠢ ᠣᠯᠭᠤᠵᠤ ᠪᠠᠶᠢᠭ᠎ᠠ ᠶᠢ ᠣᠨᠴᠠᠯᠠᠭᠰᠠᠨ ᠪᠠᠢᠨ᠎ᠠ᠃

ᠰᠡᠳᠬᠢᠭᠳᠡᠯ ᠦᠯᠡᠳᠡᠭᠡᠬᠦ