ᠬᠤᠶᠠᠷ ᠨᠠᠮ ᠤᠨ ᠬᠠᠮᠲᠤ ᠶ᠋ᠢᠨ ᠠᠵᠢᠯᠯᠠᠭᠠᠨ ᠤ ᠭᠡᠷ᠎ᠡ ᠳ᠋ᠥ ᠭᠠᠷ ᠤᠨ ᠦᠰᠦᠭ ᠵᠢᠷᠤᠯ᠎ᠠ | News.MN

 ᠬᠤᠶᠠᠷ ᠨᠠᠮ ᠤᠨ ᠬᠠᠮᠲᠤ ᠶ᠋ᠢᠨ ᠠᠵᠢᠯᠯᠠᠭᠠᠨ ᠤ ᠭᠡᠷ᠎ᠡ ᠳ᠋ᠥ ᠭᠠᠷ ᠤᠨ ᠦᠰᠦᠭ ᠵᠢᠷᠤᠯ᠎ᠠ

 

ᠮᠣᠩᠭᠣᠯ ᠠᠷᠠᠳ ᠤᠨ ᠨᠠᠮ ᠂ ᠮᠣᠩᠭᠣᠯ ᠠᠷᠠᠳ ᠤᠨ ᠬᠤᠪᠢᠰᠬᠠᠯᠲᠤ ᠨᠠᠮ ᠨᠢᠭᠡᠳᠬᠦ ᠪᠡᠷ ᠪᠣᠯᠣᠭᠰᠠᠨ ᠢᠶᠡᠨ ᠥᠴᠥᠭᠡᠳᠦᠷ ᠵᠠᠷᠯᠠᠭᠰᠠᠨ ᠪᠢᠯᠡ ᠃ ᠲᠡᠭᠡᠪᠡᠯ ᠥᠨᠥᠳᠥᠷ ᠬᠣᠶᠠᠷ ᠨᠠᠮ ᠤᠨ ᠬᠠᠮᠲᠤ ᠶ᠋ᠢᠨ ᠠᠵᠢᠯᠯᠠᠭᠠᠨ ᠤ ᠭᠡᠷ᠎ᠡ ᠳ᠋ᠥ ᠨᠠᠮ ᠤᠨ ᠳᠠᠷᠤᠭ᠎ᠠ ᠨᠠᠷ ᠭᠠᠷ ᠤᠨ ᠦᠰᠦᠭ ᠵᠢᠷᠤᠵᠠᠢ ᠃ ᠭᠠᠷ ᠤᠨ ᠦᠰᠦᠭ ᠵᠢᠷᠤᠬᠤ ᠠᠵᠢᠯᠯᠠᠭ᠎ᠠ ᠳ᠋ᠤ ᠮᠣᠩᠭᠣᠯ ᠠᠷᠠᠳ ᠤᠨ ᠨᠠᠮ ᠤᠨ ᠳᠠᠷᠤᠭ᠎ᠠ ᠤ᠊ ᠬᠦᠷᠡᠯᠰᠦ᠋ᠬᠡ ᠂ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠳᠠᠷᠤᠭ᠎ᠠ ᠨ᠊ • ᠡᠩᠬᠡᠪᠠᠶᠠᠷ  ᠨᠠᠷ ᠡᠴᠠ ᠭᠠᠳᠠᠨ᠎ᠠ ᠬᠣᠶᠠᠷ ᠨᠠᠮ ᠤᠨ 300 ᠮᠢᠩᠭᠠᠨ ᠭᠡᠰᠢᠭᠦᠳ ᠳᠡᠮᠵᠢᠭᠴᠢᠳ ᠦᠨ ᠲᠥᠯᠥᠭᠡᠯᠡᠯ ᠣᠷᠣᠯᠴᠠᠭᠰᠠᠨ ᠪᠠᠶᠢᠨ᠎ᠠ ᠃

ᠮᠣᠩᠭᠣᠯ ᠠᠷᠠᠳ ᠤᠨ ᠨᠠᠮ ᠂ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬᠠᠮᠲᠤᠷᠠᠭᠰᠠᠨ ᠠᠵᠢᠯ ᠤᠨ ᠬᠡᠰᠡᠭ ᠡᠴᠡ ᠮᠣᠩᠭᠣᠯ ᠤᠯᠤᠰ ᠤᠨ ᠬᠥᠭᠵᠢᠯ ᠳᠠᠪᠰᠢᠯ ᠢ ᠲᠣᠳᠣᠷᠬᠠᠶᠢᠯᠠᠭᠰᠠᠨ ︽ ᠬᠠᠷᠢᠶᠠᠲᠤ ᠪᠤᠰᠤ ᠡᠳ᠋  ᠦᠨ ᠵᠠᠰᠠᠭ ᠤᠨ ᠲᠥᠯᠥᠭᠡ ᠡᠷᠴᠢᠮ ᠬᠦᠴᠦ ᠂ ᠳᠡᠳ᠋ ᠪᠦᠲᠦᠴᠡ ᠶ᠋ᠢᠨ ᠰᠠᠯᠪᠤᠷᠢ ᠶ᠋ᠢ ᠬᠥᠭᠵᠢᠭᠦᠯᠬᠦ ᠂ ᠪᠠᠶᠢᠭᠠᠯᠢ ᠶ᠋ᠢᠨ ᠪᠠᠶᠠᠯᠢᠭ ᠲᠦ ᠪᠡᠨ ᠡᠵᠡᠨ ᠪᠠᠶᠢᠬᠤ︾ᠵᠡᠷᠭᠡ ᠮᠣᠩᠭᠣᠯ ᠤᠨ ᠠᠷᠠᠳ ᠲᠦᠮᠡᠨ ᠤ ᠡᠷᠬᠡ ᠠᠰᠢᠭ ᠢ ᠴᠣᠭᠴᠠ ᠪᠠᠷ ᠨᠢ ᠲᠤᠰᠬᠠᠭᠰᠠᠨ 10 ᠵᠣᠷᠢᠯᠲᠠ ᠪᠦᠬᠦᠢ ᠬᠠᠮᠲᠤᠷᠠᠭᠰᠠᠨ ᠤᠷᠢᠶᠠᠯᠠᠭ᠎ᠠ ᠶ᠋ᠢ 2021 ᠣᠨ ᠤ 3 ᠰᠠᠷ᠎ᠠ ᠶ᠋ᠢᠨ 17 ᠤ ᠡᠳᠦᠷ ᠭᠠᠷᠭᠠᠨ ᠨᠡᠶᠢᠲᠡ ᠨᠠᠮ ᠤᠨ ᠭᠡᠰᠢᠭᠦᠳ ᠢᠶᠠᠷ ᠬᠡᠯᠡᠯᠴᠡᠭᠦᠯᠦᠨ 90 ᠭᠠᠷᠤᠢ ᠬᠤᠪᠢ ᠶ᠋ᠢᠨ ᠳᠡᠮᠵᠢᠯᠭᠡ ᠶ᠋ᠢ ᠠᠪᠴᠠᠢ ᠃ ᠡᠶᠢᠨ ᠬᠦ ᠬᠠᠮᠲᠤᠷᠠᠭᠰᠠᠨ ᠠᠵᠢᠯ ᠤᠨ ᠬᠡᠰᠡᠭ ᠡᠴᠡ ᠨᠠᠮ ᠤᠳ ᠤᠨ ᠨᠢᠭᠡᠳᠦᠨ ᠨᠡᠶᠢᠯᠡᠬᠦ ᠦᠢᠯᠡ ᠠᠵᠢᠯᠯᠠᠭ᠎ᠠ ᠶ᠋ᠢ ᠮᠣᠩᠭᠣᠯ ᠤᠯᠤᠰ ᠤᠨ ᠬᠠᠤᠯᠢ ᠂ ᠨᠠᠮ ᠤᠨ ᠳᠦᠷᠢᠮ ᠤᠨ ᠳᠠᠭᠠᠤ ᠵᠣᠬᠢᠶᠠᠨ ᠪᠠᠶᠢᠭᠤᠯᠬᠤ ︽  ᠮᠣᠩᠭᠣᠯ ᠠᠷᠠᠳ ᠤᠨ ᠨᠠᠮ ᠂ ᠮᠣᠩᠭᠣᠯ ᠠᠷᠠᠳ ᠤᠨ ᠬᠤᠪᠢᠰᠬᠠᠯᠲᠤ ᠨᠠᠮ ᠨᠢᠭᠡᠳᠬᠦ ᠨᠡᠶᠢᠯᠡᠬᠦ ᠭᠡᠷ᠎ᠡ ︾ ᠶᠢ ᠪᠣᠯᠪᠠᠰᠤᠷᠠᠭᠤᠯᠤᠨ 2021 ᠣᠨ ᠤ 04 ᠰᠠᠷ᠎ᠠ ᠶ᠋ᠢᠨ 29 ᠤ ᠡᠳᠦᠷ 21 ᠠᠶᠢᠮᠠᠭ ᠂ ᠨᠡᠶᠢᠰᠯᠡᠯ ᠂ 9 ᠲᠡᠭᠦᠷᠭᠡ ᠶ᠋ᠢᠨ 3000 ᠭᠠᠷᠤᠢ ᠨᠠᠮ ᠤᠨ ᠠᠩᠬᠠᠨ ᠪᠣᠯᠣᠨ ᠳᠤᠮᠳᠠ ᠱᠠᠲᠤᠨ ᠤ ᠪᠠᠶᠢᠭᠤᠯᠭ᠎ᠠ ᠶ᠋ᠢᠨ ᠤᠳᠤᠷᠢᠳᠤᠯᠭ᠎ᠠ ᠶ᠋ᠢᠨ ᠲᠦᠪᠰᠢᠨ ᠳ᠋ᠦ ᠴᠠᠬᠢᠮ ᠠᠭᠤᠯᠵᠠᠯᠲᠠ ᠶ᠋ᠢ ᠵᠣᠬᠢᠶᠠᠨ ᠪᠠᠶᠢᠭᠤᠯᠤᠨ ᠤᠭ ᠭᠡᠷ᠎ᠡ ᠶ᠋ᠢ ᠶᠣᠰᠣᠴᠢᠯᠠᠨ ᠪᠠᠲᠤᠯᠠᠯ᠎ᠠ ᠃

ᠰᠡᠳᠬᠢᠭᠳᠡᠯ ᠦᠯᠡᠳᠡᠭᠡᠬᠦ