ᠶᠡᠷᠦᠩᠬᠡᠶᠢᠯᠡᠭᠴᠢ ᠬᠡᠪᠯᠡᠯ ᠤᠨ ᠡᠷᠬᠡ ᠴᠢᠯᠦᠭᠡᠨ ᠤ ᠡᠳᠦᠷ ᠤᠨ ᠮᠡᠨᠳᠦᠴᠢᠯᠡᠭᠡ ᠳᠡᠪᠰᠢᠭᠦᠯᠦᠯ᠎ᠡ | News.MN

ᠶᠡᠷᠦᠩᠬᠡᠶᠢᠯᠡᠭᠴᠢ ᠬᠡᠪᠯᠡᠯ ᠤᠨ ᠡᠷᠬᠡ ᠴᠢᠯᠦᠭᠡᠨ ᠤ ᠡᠳᠦᠷ ᠤᠨ ᠮᠡᠨᠳᠦᠴᠢᠯᠡᠭᠡ ᠳᠡᠪᠰᠢᠭᠦᠯᠦᠯ᠎ᠡ

 

ᠮᠣᠩᠭᠣᠯ ᠤᠯᠤᠰ ᠤᠨ ᠶᠡᠷᠦᠩᠬᠡᠶᠢᠯᠡᠭᠴᠢ ᠶ᠋ᠢᠨ ᠮᠡᠨᠳᠤᠴᠢᠯᠡᠭᠡᠨ ᠳ᠋ᠥ ᠄   ᠡᠷᠬᠢᠮ ᠰᠡᠳᠬᠦᠯᠴᠢᠳ ᠡ ᠂ ᠬᠡᠪᠯᠡᠯ ᠮᠡᠳᠡᠭᠡᠯᠡᠯ  ᠤᠨ ᠪᠠᠶᠢᠭᠤᠯᠭ᠎ᠠ ᠶ᠋ᠢᠨ  ᠠᠵᠢᠯᠲᠠᠳ ᠠ᠋ ᠂ ᠲᠠ ᠪᠦᠬᠦᠨ ᠳ᠋ᠥ ᠳᠡᠯᠡᠬᠡᠢ ᠶ᠋ᠢᠨ ᠬᠡᠪᠯᠡᠯ ᠤᠨ ᠡᠷᠬᠡ ᠴᠢᠯᠦᠭᠡᠨ  ᠤ ᠡᠳᠦᠷ ᠤᠨ ᠮᠡᠨᠳᠦ ᠶ᠋ᠢ ᠳᠡᠪᠰᠢᠭᠦᠯᠦᠶ᠎ᠡ ᠃

ᠠᠷᠠᠳᠴᠢᠯᠠᠭᠰᠠᠨ ᠨᠡᠶᠢᠭᠡᠮ ᠤᠨ ᠬᠠᠮᠤᠭ ᠤᠨ ᠴᠢᠬᠤᠯᠠ ᠰᠢᠯᠭᠠᠭᠤᠷ ᠨᠢ ᠬᠥᠮᠥᠨ ᠤ ᠡᠷᠬᠡ ᠂ ᠡᠷᠬᠡ ᠴᠢᠯᠦᠭᠡ ᠃ ᠲᠡᠷᠡ ᠳᠤᠮᠳᠠ ᠪᠠᠨ ᠦᠭᠡ ᠬᠡᠯᠡᠬᠦ ᠂ ᠦᠵᠡᠯ ᠪᠣᠳᠣᠯ ᠢᠶᠡᠨ ᠴᠢᠯᠦᠭᠡᠲᠡᠢ ᠢᠯᠡᠷᠬᠡᠶᠢᠯᠡᠬᠦ ᠂ ᠬᠡᠪᠯᠡᠨ ᠨᠡᠶᠢᠲᠡᠯᠡᠬᠦ ᠡᠷᠬᠡ ᠪᠡᠨ ᠡᠳ᠋ᠯᠡᠳᠡᠭ ᠢᠷᠭᠡᠨ ᠤ ᠲᠤᠬᠠᠢ ᠣᠶᠢᠯᠠᠭᠠᠯᠲᠠ ᠶᠤᠮ ᠃

ᠪᠢᠳᠠ ᠦᠨᠳᠦᠰᠦᠨ ᠬᠠᠤᠯᠢ ᠳ᠋ᠤ ᠪᠠᠨ ᠬᠥᠮᠥᠨ ᠤ ᠡᠷᠬᠡ ᠂ ᠡᠷᠬᠡ ᠴᠢᠯᠦᠭᠡ ᠂ ᠰᠢᠳᠤᠷᠭᠤ ᠶᠣᠰᠣ ᠶ᠋ᠢ ᠡᠷᠬᠢᠮᠯᠡᠨ ᠳᠡᠭᠡᠳᠦᠯᠡᠵᠦ ᠂ ᠡᠬᠡ ᠣᠷᠣᠨ ᠳᠤ ᠪᠠᠨ ᠬᠥᠮᠥᠯᠢᠭ ᠂ ᠢᠷᠭᠡᠨ ᠤ ᠠᠷᠠᠳᠴᠢᠯᠠᠭᠰᠠᠨ ᠨᠡᠶᠢᠭᠡᠮ ᠴᠣᠭᠴᠠᠯᠠᠭᠤᠯᠤᠨ ᠬᠥᠭᠵᠢᠭᠦᠯᠬᠦ ᠶ᠋ᠢ ᠡᠷᠬᠢᠮ ᠵᠣᠷᠢᠯᠭ᠎ᠠ ᠪᠣᠯᠭᠠᠨ᠎ᠠ ᠬᠡᠮᠡᠨ ᠲᠤᠩᠬᠠᠭᠯᠠᠭᠰᠠᠨ ᠪᠠᠶᠢᠳᠠᠭ ᠃ ᠲᠡᠶᠢᠮᠦ ᠡᠴᠡ ᠴᠦ ᠡᠷᠬᠡ ᠴᠢᠯᠦᠭᠡᠲᠡᠢ ᠂ ᠦᠵᠡᠯ ᠪᠣᠳᠣᠯ ᠢᠶᠡᠨ ᠢᠯᠡᠷᠬᠡᠶᠢᠯᠡᠵᠦ ᠴᠢᠳᠠᠳᠠᠭ ᠰᠡᠳᠬᠦᠯᠴᠢᠳ ᠂ ᠬᠡᠪᠯᠡᠯ ᠮᠡᠳᠡᠭᠡᠯᠡᠯ  ᠤᠨ ᠪᠠᠶᠢᠭᠤᠯᠭ᠎ᠠ ᠶ᠋ᠢᠨ ᠠᠵᠢᠯᠲᠠᠳ ᠲᠠ ᠪᠦᠬᠦᠨ ᠠᠷᠠᠳᠴᠢᠯᠠᠯ ᠢ ᠬᠥᠭᠵᠢᠭᠦᠯᠬᠦ ᠳ᠋ᠥ ᠣᠨᠴᠠᠭᠠᠢ ᠡᠭᠦᠷᠭᠡ ᠭᠦᠢᠴᠡᠳᠬᠡᠵᠦ ᠪᠤᠢ ᠪᠣᠯᠬᠤ ᠶ᠋ᠢ ᠴᠠᠭ ᠢᠮᠠᠭᠲᠠ ᠰᠠᠨᠠᠵᠤ ᠶᠠᠪᠤᠬᠤ ᠤᠴᠢᠷᠲᠠᠢ ᠃

ᠰᠡᠳᠬᠦᠯᠴᠢ ᠶ᠋ᠢᠨ ᠪᠢᠴᠢᠭᠰᠡᠨ ᠨᠢᠭᠡ ᠦᠭᠡ ᠂ ᠨᠢᠭᠡ ᠥᠭᠦᠯᠡᠪᠦᠷᠢ ᠨᠢ ᠠᠷᠠᠳ ᠲᠦᠮᠡᠨ ᠳ᠋ᠥ ᠮᠡᠳᠡᠭᠡᠯᠡᠯ ᠂ ᠮᠡᠳᠡᠯᠭᠡ ᠪᠣᠯᠣᠨ ᠬᠦᠷᠳᠡᠭ ᠃ ᠡᠶᠢᠮᠦ ᠳ᠋ᠥ ᠰᠡᠳᠬᠦᠯᠴᠢᠳ ᠲᠠ ᠪᠦᠬᠦᠨ ᠣᠶᠤᠨ ᠪᠣᠳᠣᠯ ᠂ ᠡᠷᠳᠡᠮ ᠴᠢᠳᠠᠪᠤᠷᠢ ᠪᠠᠨ ᠴᠣᠬᠣᠮ ᠬᠦ ᠡᠬᠡ ᠣᠷᠣᠨ ᠤ ᠪᠠᠨ ᠲᠥᠯᠥᠭᠡ ᠂ ᠠᠷᠠᠳ ᠲᠦᠮᠡᠨ ᠤ ᠪᠡᠨ ᠲᠥᠯᠥᠭᠡ ᠂ ᠬᠥᠮᠥᠨ ᠤ ᠡᠷᠬᠡ ᠂ ᠡᠷᠬᠡ ᠴᠢᠯᠦᠭᠡᠨ ᠤ ᠲᠥᠯᠥᠭᠡ ᠂ ᠰᠢᠳᠤᠷᠭᠤ ᠶᠣᠰᠣᠨ ᠤ ᠲᠥᠯᠥᠭᠡ ᠴᠢᠯᠡᠭᠡᠵᠦ ᠠᠵᠢᠯᠯᠠᠬᠤ ᠶ᠋ᠢ ᠤᠷᠢᠶᠠᠯᠠᠵᠤ ᠪᠠᠶᠢᠨ᠎ᠠ ᠃

ᠴᠠᠭᠠᠰᠢᠳᠠ ᠴᠦ ᠲᠠ ᠪᠦᠬᠦᠨ ᠮᠡᠷᠭᠡᠵᠢᠯ ᠤᠨ ᠰᠠᠭᠤᠷᠢ ᠵᠠᠷᠴᠢᠮ ᠳ᠋ᠤ ᠪᠠᠨ ᠦᠨᠡᠨᠴᠢ ᠪᠠᠶᠢᠵᠤ ᠂ ᠶᠣᠰᠣ ᠵᠦᠢ ᠲᠠᠢ ᠂ ᠰᠢᠳᠤᠷᠭᠤ ᠰᠡᠳᠬᠦᠯ ᠵᠦᠢ ᠶ᠋ᠢ ᠡᠬᠡ ᠣᠷᠣᠨ ᠳᠤ ᠪᠠᠨ ᠲᠥᠯᠥᠪᠰᠢᠭᠦᠯᠦᠨ ᠬᠥᠭᠵᠢᠭᠦᠯᠬᠦ ᠶᠡᠬᠡ ᠦᠢᠯᠡᠰ ᠲᠥ ᠣᠯᠣᠯᠲᠠ ᠂ ᠠᠮᠵᠢᠯᠲᠠ ᠭᠠᠷᠭᠠᠨ᠎ᠠ ᠭᠡᠳᠡᠭ ᠲᠥ ᠢᠲᠡᠭᠡᠯ ᠳᠦᠭᠦᠷᠡᠩ ᠪᠠᠶᠢᠨ᠎ᠠ ᠃ ᠳᠡᠯᠡᠬᠡᠢ ᠳᠠᠶᠠᠭᠠᠷ  ᠴᠠᠷ᠎ᠠ ᠲᠠᠬᠤᠯ ᠲᠠᠢ ᠲᠡᠮᠡᠴᠡᠵᠦ ᠪᠤᠢ ᠡᠨᠡ ᠣᠨᠴᠠᠭᠠᠢ ᠴᠠᠭ ᠦᠶ᠎ᠡ ᠳ᠋ᠥ ᠠᠷᠠᠳᠴᠢᠯᠠᠭᠰᠠᠨ ᠨᠡᠶᠢᠭᠡᠮ ᠤᠨ ᠦᠨᠡᠲᠦ ᠵᠦᠢᠯ ᠪᠣᠯᠬᠤ ᠢᠷᠭᠡᠨ ᠤ ᠮᠡᠳᠡᠬᠦ ᠡᠷᠬᠡ ᠶ᠋ᠢ ᠬᠠᠩᠭᠠᠬᠤ ᠶ᠋ᠢᠨ ᠲᠥᠯᠥᠭᠡ ᠬᠦᠴᠦᠨ ᠵᠢᠳᠬᠦᠵᠦ ᠪᠤᠢ ᠪᠦᠬᠦ ᠰᠡᠳᠬᠦᠯᠴᠢ ᠂ ᠬᠡᠪᠯᠡᠯ ᠮᠡᠳᠡᠭᠡᠯᠡᠯ ᠤᠨ ᠪᠠᠶᠢᠭᠤᠯᠭ᠎ᠠ ᠶ᠋ᠢᠨ ᠠᠵᠢᠯᠲᠠᠳ ᠲᠤ ᠠᠮᠵᠢᠯᠲᠠ ᠬᠦᠰᠡᠶ᠎ᠡ ᠃

ᠴᠠᠷ᠎ᠠ ᠲᠠᠬᠤᠯ ᠨᠢ ᠳᠡᠯᠡᠬᠡᠢ ᠳᠠᠶᠠᠭᠠᠷ ᠬᠡᠪᠯᠡᠯ  ᠮᠡᠳᠡᠭᠡᠯᠡᠯ ᠤᠨ ᠰᠠᠯᠪᠤᠷᠢ ᠳᠤ ᠠᠵᠢᠯᠯᠠᠭᠰᠠᠳ ᠰᠢᠨ᠎ᠡ ᠰᠣᠷᠢᠯᠲᠠ ᠶ᠋ᠢ ᠠᠪᠴᠢᠷᠠᠬᠤ ᠡᠴᠠ ᠭᠠᠳᠠᠨ᠎ᠠ ᠮᠡᠳᠡᠭᠡᠯᠡᠯ ᠣᠯᠵᠤ ᠠᠪᠬᠤ ᠦᠢᠯᠡ ᠠᠵᠢᠯᠯᠠᠭ᠎ᠠ ᠳ᠋ᠤ ᠨᠢ ᠰᠠᠭᠠᠳ ᠲᠣᠳᠬᠠᠷ ᠤᠴᠠᠷᠠᠭᠤᠯᠵᠤ ᠪᠠᠶᠢᠭ᠎ᠠ ᠶ᠋ᠢ ︽ ᠬᠢᠯᠢ ᠬᠢᠵᠠᠭᠠᠷ ᠦᠭᠡᠢ ᠰᠤᠷᠪᠤᠯᠵᠢᠯᠠᠭᠴᠢᠳ ︾ ᠪᠠᠶᠢᠭᠤᠯᠭ᠎ᠠ 2021 ᠣᠨ ᠤ ᠳᠡᠯᠡᠬᠡᠢ ᠶ᠋ᠢᠨ ᠬᠡᠪᠯᠡᠯ  ᠤᠨ ᠡᠷᠬᠡ ᠴᠢᠯᠦᠭᠡᠨ ᠤ ᠢᠨᠳ᠋ᠸᠺᠰ ᠤᠨ ᠲᠠᠶᠢᠯᠤᠨ ᠢᠶᠡᠨ ᠲᠠᠨᠢᠯᠴᠠᠭᠤᠯᠬᠤ ᠳ᠋ᠤ ᠪᠠᠨ ᠣᠨᠴᠠᠯᠠᠭᠰᠠᠨ ᠪᠠᠶᠢᠨ᠎ᠠ ᠃ ᠮᠣᠩᠭᠣᠯ ᠤᠯᠤᠰ 2021 ᠣᠨ ᠳᠤ ᠳᠡᠯᠡᠬᠡᠢ ᠶ᠋ᠢᠨ ᠬᠡᠪᠯᠡᠯ ᠤᠨ ᠡᠷᠬᠡ ᠴᠢᠯᠦᠭᠡᠨ ᠤ ᠢᠨᠳ᠋ᠸᠺᠰ ᠦᠵᠡᠭᠦᠯᠦᠯᠲᠡ ᠪᠡᠷ 180 ᠣᠷᠣᠨ ᠡᠴᠠ 68 ᠳ᠋ᠤᠭᠠᠷ ᠪᠠᠶᠢᠷᠢ ᠳᠤ ᠵᠢᠭᠰᠠᠵᠤ ᠪᠠᠶᠢᠭ᠎ᠠ ᠶᠤᠮ ᠃

108 ᠵᠢᠯ  ᠤᠨ ᠲᠡᠦᠬᠡ ᠲᠠᠢ ᠮᠣᠩᠭᠣᠯ ᠤᠨ ᠰᠡᠳᠬᠦᠯ ᠵᠦᠢ ᠶ᠋ᠢᠨ ᠰᠠᠯᠪᠤᠷᠢ ᠶ᠋ᠢᠨ ᠲᠥᠯᠥᠭᠡᠯᠡᠭᠴᠢᠳ ᠂ ᠡᠷᠬᠢᠮ ᠰᠡᠳᠬᠦᠯᠴᠢᠳ ᠲᠠ ᠪᠦᠬᠦᠨ ᠢ ᠤᠯᠤᠰ ᠣᠷᠣᠨ ᠤ ᠪᠠᠨ ᠬᠥᠭᠵᠢᠯ ᠳᠡᠪᠰᠢᠯ ᠂ ᠠᠷᠠᠳ ᠲᠦᠮᠡᠨ ᠤ ᠪᠡᠨ ᠨᠡᠶᠢᠲᠡᠯᠢᠭ ᠡᠷᠬᠡ ᠠᠰᠢᠭ ᠂ ᠰᠢᠳᠤᠷᠭᠤ ᠶᠣᠰᠣ ᠂ ᠣᠯᠠᠨ ᠤᠷᠭᠠᠯᠴᠢ ᠦᠵᠡᠯ ᠂ ᠢᠯᠡ ᠲᠣᠳᠣ ᠪᠠᠶᠢᠳᠠᠯ ᠤᠨ ᠡᠮᠦᠨ᠎ᠡ ᠬᠦᠯᠢᠶᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠨ᠎ᠡ ᠤᠬᠠᠮᠰᠠᠷᠯᠠᠨ ᠂ ᠬᠤᠪᠢ ᠨᠡᠮᠡᠷᠢ ᠪᠡᠨ ᠣᠷᠣᠭᠤᠯᠵᠤ ᠠᠵᠢᠯᠯᠠᠨ᠎ᠠ ᠭᠡᠳᠡᠭ ᠲᠥ ᠮᠣᠩᠭᠣᠯ ᠤᠯᠤᠰ ᠤᠨ ᠶᠡᠷᠦᠩᠬᠡᠶᠢᠯᠡᠭᠴᠢ ᠮᠢᠨᠤ ᠪᠡᠶ᠎ᠡ ᠭᠦᠨ᠎ᠡ ᠢᠲᠡᠭᠡᠵᠦ ᠪᠠᠶᠢᠨ᠎ᠠ  ᠭᠡᠵᠡᠢ ᠃

ᠰᠡᠳᠬᠢᠭᠳᠡᠯ ᠦᠯᠡᠳᠡᠭᠡᠬᠦ