ᠰᠣᠨᠢᠷᠬᠠᠭᠴᠢᠳ ᠤᠨ ᠪᠣᠺᠰ ᠤᠨ ᠳᠡᠯᠡᠬᠡᠢ ᠶ᠋ᠢᠨ ᠲᠡᠮᠡᠴᠡᠭᠡᠨ ᠠᠷᠪᠠᠳᠤᠭᠠᠷ ᠰᠠᠷ᠎ᠠ ᠳ᠋ᠥ ᠡᠬᠢᠯᠡᠨ᠎ᠡ | News.MN

ᠰᠣᠨᠢᠷᠬᠠᠭᠴᠢᠳ ᠤᠨ ᠪᠣᠺᠰ ᠤᠨ ᠳᠡᠯᠡᠬᠡᠢ ᠶ᠋ᠢᠨ ᠲᠡᠮᠡᠴᠡᠭᠡᠨ ᠠᠷᠪᠠᠳᠤᠭᠠᠷ ᠰᠠᠷ᠎ᠠ ᠳ᠋ᠥ ᠡᠬᠢᠯᠡᠨ᠎ᠡ

 

ᠣᠯᠠᠨ ᠤᠯᠤᠰ ᠤᠨ ᠰᠣᠨᠢᠷᠬᠠᠭᠴᠢᠳ ᠤᠨ ᠪᠣᠺᠰ ᠤᠨ ᠬᠤᠯᠪᠤᠭ᠎ᠠ︵ AIBA ︶ᠡᠨᠡ ᠵᠢᠯ  ᠤᠨ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠰᠸᠷᠪᠢᠶ᠎ᠠ ᠶᠢᠨ ᠨᠡᠶᠢᠰᠯᠡᠯ ᠪᠸᠯᠭᠢᠷᠠᠳ᠋ ᠬᠣᠲᠠ ᠳᠤ ᠶᠠᠪᠤᠭᠳᠠᠨ᠎ᠠ ᠬᠡᠮᠡᠨ ᠵᠠᠷᠯᠠᠯ᠎ᠠ ᠃ ᠲᠤᠰ ᠲᠡᠮᠡᠴᠡᠭᠡᠨ ᠢᠷᠡᠬᠦ ᠠᠷᠪᠠᠳᠤᠭᠠᠷ ᠰᠠᠷ᠎ᠠ ᠶ᠋ᠢᠨ 26 ᠡᠴᠠ ᠠᠷᠪᠠᠨ ᠨᠢᠭᠡᠳᠦᠭᠡᠷ ᠰᠠᠷ᠎ᠠ ᠶ᠋ᠢᠨ 6 ᠬᠦᠷᠲᠡᠯ᠎ᠡ ᠦᠷᠭᠦᠯᠵᠢᠯᠡᠬᠦ ᠶᠤᠮ ᠃

AIBA ᠤᠨ ᠶᠡᠷᠦᠩᠬᠡᠶᠢᠯᠡᠭᠴᠢ ᠤᠮᠠᠷ ᠺᠷᠸᠮᠯᠸᠪ᠄ ᠴᠠᠷ᠎ᠠ ᠲᠠᠬᠤᠯ ᠤᠨ ᠡᠨᠡ ᠬᠦᠨᠳᠦ ᠦᠶ᠎ᠡ ᠳ᠋ᠥ ᠪᠢᠳᠠ ᠡᠪ ᠨᠢᠭᠡᠳᠦᠯ ᠲᠠᠢ ᠪᠠᠶᠢᠵᠤ ᠂  ᠲᠠᠮᠢᠷᠴᠢᠳ ᠲᠤ ᠪᠠᠨ ᠲᠡᠮᠡᠴᠡᠭᠡᠨ ᠳ᠋ᠥ ᠣᠷᠣᠯᠴᠠᠬᠤ ᠪᠣᠯᠣᠮᠵᠢ ᠶ᠋ᠢ ᠨᠢ ᠣᠯᠭᠣᠬᠤ ᠬᠡᠷᠡᠭᠲᠡᠢ ᠃ ᠪᠢᠳᠠ  ᠲᠠᠬᠤᠯ ᠤᠨ ᠡᠰᠡᠷᠭᠦ ᠬᠢᠭᠰᠡᠨ ᠪᠦᠲᠦᠨ ᠵᠢᠯ  ᠤᠨ ᠲᠤᠷᠰᠢᠯᠭ᠎ᠠ ᠪᠡᠷ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠠᠶᠤᠯᠭᠦᠢ ᠣᠷᠴᠢᠨ ᠳᠤ ᠵᠣᠬᠢᠶᠠᠨ ᠪᠠᠶᠢᠭᠤᠯᠵᠤ ᠴᠢᠳᠠᠨ᠎ᠠ ᠃ ᠮᠠᠨ ᠤ AIBA ᠬᠣᠯᠪᠣᠭ᠎ᠠ ᠬᠡᠷᠬᠢᠨ ᠥᠭᠡᠷᠡᠴᠢᠯᠡᠭᠳᠡᠵᠦ ᠂ ᠰᠢᠨᠡᠴᠢᠯᠡᠭᠳᠡᠵᠦ ᠪᠠᠶᠢᠭ᠎ᠠ ᠶ᠋ᠢ ᠲᠠ ᠪᠦᠬᠦᠨ ᠡᠨᠡ ᠲᠡᠮᠡᠴᠡᠭᠡᠨ ᠡᠴᠡ ᠬᠠᠷᠠᠬᠤ ᠪᠣᠯᠣᠨ᠎ᠠ  ᠭᠡᠵᠡᠢ ᠃

ᠰᠡᠳᠬᠢᠭᠳᠡᠯ ᠦᠯᠡᠳᠡᠭᠡᠬᠦ