ᠲᠦᠷᠺ ᠦᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠢᠶ᠋ᠡᠨ ᠡᠷᠭᠦᠨ ᠪᠠᠷᠢᠯ᠎ᠠ | News.MN

 ᠲᠦᠷᠺ ᠦᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠢᠶ᠋ᠡᠨ ᠡᠷᠭᠦᠨ ᠪᠠᠷᠢᠯ᠎ᠠ

 

ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶ᠋ᠢᠨ ᠪᠠᠲᠤᠲᠤᠯᠭ᠎ᠠ ᠳᠤ ᠪᠦᠭᠦᠳᠡ ᠨᠠᠶᠢᠷᠠᠮᠳᠠᠬᠤ ᠲᠦᠷᠺ ᠤᠯᠤᠰ ᠡᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠽᠠᠹᠸᠷ  ᠠᠲᠸᠱ ᠢᠲᠡᠭᠡᠮᠵᠢᠯᠡᠬᠦ ᠵᠢᠭᠤᠬᠤ ᠪᠢᠴᠢᠭ ᠢᠶ᠋ᠡᠨ ᠡᠷᠭᠦᠨ ᠪᠠᠷᠢᠪᠠ ᠃ ᠬᠠᠯᠲᠠᠮ᠎ᠠ ᠶ᠋ᠢᠨ ᠪᠠᠲᠤᠲᠤᠯᠭ᠎ᠠ  ᠲᠦᠷᠺ ᠡᠴᠡ ᠲᠤᠷᠰᠢᠯᠭ᠎ᠠ ᠲᠠᠢ ᠳ᠋ᠢᠫᠯᠣᠮᠠᠲ᠋ᠴᠢ ᠲᠣᠮᠢᠯᠠᠭᠳᠠᠨ ᠢᠷᠡᠭᠰᠡᠨ ᠢ ᠣᠨᠴᠠᠯᠠᠵᠤ ᠂ ᠬᠣᠶᠠᠷ ᠣᠷᠣᠨ ᠤ ᠨᠠᠶᠢᠷᠰᠠᠭ ᠬᠠᠷᠢᠯᠴᠠᠭ᠎ᠠ ᠂ ᠬᠠᠮᠲᠤ ᠶ᠋ᠢᠨ ᠠᠵᠢᠯᠯᠠᠭ᠎ᠠ ᠶ᠋ᠢ ᠲᠡᠦᠬᠡ  ᠰᠣᠶᠣᠯ ᠂ ᠠᠶᠠᠯᠠᠯ ᠵᠢᠭᠤᠯᠴᠢᠯᠠᠯ ᠂ ᠬᠥᠳᠡᠭᠡ ᠠᠵᠤ ᠠᠬᠤᠢ ᠶ᠋ᠢᠨ ᠰᠠᠯᠪᠤᠷᠢ ᠳᠦ ᠭᠦᠨᠵᠡᠭᠡᠶᠢᠷᠡᠭᠦᠯᠦᠨ ᠬᠥᠭᠵᠢᠭᠦᠯᠬᠦ ᠥᠷᠭᠡᠨ ᠪᠣᠯᠣᠮᠵᠢ  ᠲᠠᠢ ᠶᠢ ᠳᠤᠷᠠᠳᠤᠭᠰᠠᠨ ᠶᠤᠮ ᠃

ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠽᠠᠹᠸᠷ ᠠᠲᠸᠱ ᠲᠡᠦᠬᠡᠨ ᠤᠯᠪᠠᠭ᠎ᠠ ᠪᠦᠬᠦᠢ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠲᠠᠢ ᠮᠣᠩᠭᠣᠯ ᠤᠯᠤᠰ  ᠲᠤ ᠡᠯᠴᠢᠨ ᠰᠠᠶᠢᠳ ᠢᠶᠠᠷ  ᠲᠤᠮᠢᠯᠠᠭᠳᠠᠭᠰᠠᠨ ᠳᠤ ᠪᠠᠨ ᠪᠠᠶᠠᠷᠲᠠᠢ ᠪᠠᠶᠢᠭ᠎ᠠ ᠪᠠ ᠬᠣᠶᠠᠷ ᠣᠷᠣᠨ ᠤ ᠬᠠᠮᠲᠤ ᠶ᠋ᠢᠨ ᠠᠵᠢᠯᠯᠠᠭ᠎ᠠ ᠶ᠋ᠢ ᠠᠶᠠᠯᠠᠯ ᠵᠢᠭᠤᠯᠴᠢᠯᠠᠯ ᠂ ᠬᠤᠳᠠᠯᠳᠤᠭ᠎ᠠ ᠂ ᠬᠥᠳᠡᠭᠡ ᠠᠵᠤ ᠠᠬᠤᠢ ᠂ ᠰᠣᠶᠣᠯ ᠂ ᠲᠡᠦᠬᠡ ᠶ᠋ᠢᠨ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠂ ᠴᠠᠭᠠᠰᠢᠯᠠᠭᠠᠳ ᠬᠣᠶᠠᠷ ᠣᠷᠣᠨ ᠤ ᠬᠣᠭᠣᠷᠣᠨᠳᠤ ᠥᠨᠳᠥᠷ ᠂ ᠳᠡᠭᠡᠳᠦ ᠲᠦᠪᠰᠢᠨ ᠦ ᠠᠶᠢᠯᠴᠢᠯᠠᠯ ᠤᠳ ‍ᠢ ᠵᠣᠬᠢᠶᠠᠨ ᠪᠠᠶᠢᠭᠤᠯᠬᠤ ᠴᠢᠭᠯᠡᠯ ᠳ᠋ᠥ ᠢᠳᠡᠪᠬᠢᠲᠡᠢ ᠠᠵᠢᠯᠯᠠᠬᠤ ᠪᠠᠨ ᠢᠯᠡᠷᠬᠡᠶᠢᠯᠡᠪᠡ ᠃

ᠰᠡᠳᠬᠢᠭᠳᠡᠯ ᠦᠯᠡᠳᠡᠭᠡᠬᠦ