51 ᠪᠠᠶᠢᠭᠤᠯᠤᠯᠭ᠎ᠠ 326 ᠲᠡᠷᠪᠤᠮ ᠤᠨ ᠪᠦᠲᠦᠭᠡᠭᠳᠡᠬᠦᠨ ᠬᠤᠳᠠᠯᠳᠤᠨ ᠠᠪᠴᠠᠢ | News.MN

51 ᠪᠠᠶᠢᠭᠤᠯᠤᠯᠭ᠎ᠠ 326 ᠲᠡᠷᠪᠤᠮ ᠤᠨ ᠪᠦᠲᠦᠭᠡᠭᠳᠡᠬᠦᠨ ᠬᠤᠳᠠᠯᠳᠤᠨ ᠠᠪᠴᠠᠢ

 

ᠵᠠᠰᠠᠭ ᠤᠨ ᠭᠠᠵᠠᠷ ᠤᠨ ᠬᠤᠷᠠᠯᠳᠤᠭᠠᠨ ᠠᠴᠠ ᠳᠣᠲᠣᠭᠠᠳᠤ ᠶᠢᠨ ᠦᠢᠯᠡᠳᠪᠦᠷᠢ ᠡᠴᠡ ᠬᠤᠳᠠᠯᠳᠤᠨ ᠠᠪᠬᠤ ᠴᠢᠨᠠᠷ᠂ ᠰᠲ᠋ᠠᠨᠳᠠᠷᠲ ᠤᠨ ᠱᠠᠭᠠᠷᠳᠠᠯᠭ᠎ᠠ ᠬᠠᠩᠭᠠᠭᠰᠠᠨ᠂ ᠲᠣᠬᠢᠷᠠᠯ ᠤᠨ ᠪᠠᠲᠤᠯᠠᠭ᠎ᠠ ᠲᠠᠢ ᠪᠠᠷᠠᠭᠠᠨ ᠤ ᠵᠢᠭᠰᠠᠭᠠᠯᠲᠠ ᠳᠤ ᠨᠡᠮᠡᠯᠲᠡ ᠤᠷᠤᠭᠤᠯᠬᠤ ᠲᠠᠯ᠎ᠠ ᠪᠠᠷ ᠰᠤᠳᠤᠯᠵᠤ ᠲᠠᠨᠢᠯᠴᠠᠭᠤᠯᠬᠤ ᠶᠢ ᠰᠠᠶᠢᠳ ᠽ ∙ᠮᠡᠨᠳᠦᠰᠠᠶᠢᠬᠠᠨ ᠳᠤ ᠳᠠᠭᠠᠭᠠᠯᠭᠠᠵᠠᠢ᠃ ᠬᠤᠳᠠᠯᠳᠤᠨ ᠠᠪᠬᠤ ᠠᠵᠢᠯᠯᠠᠭ᠎ᠠ ᠶᠢ ᠶᠡᠷᠦᠩᠬᠡᠢ ᠭᠡᠷ᠎ᠡ ᠪᠡᠷ ᠡᠷᠴᠢᠮᠲᠡᠢ ᠵᠣᠬᠢᠶᠠᠨ ᠪᠠᠶᠢᠭᠤᠯᠬᠤ᠂ 《ᠡᠬᠡ ᠣᠷᠣᠨᠴᠢ ᠬᠤᠳᠠᠯᠳᠤᠨ ᠠᠪᠤᠯᠲᠠ-ᠦᠨᠳᠦᠰᠦᠨ ᠦ ᠦᠢᠯᠡᠳᠪᠦᠷᠢᠯᠡᠯ》ᠦᠵᠡᠰᠬᠦᠯᠡᠩ ᠳᠦ ᠵᠢᠯ ᠪᠦᠷᠢ ᠢᠳᠡᠪᠬᠢᠲᠡᠢ᠂ ᠦᠷ᠎ᠡ ᠳ᠋ᠦᠩ ᠲᠡᠢ ᠣᠷᠣᠯᠴᠠᠵᠤ ᠪᠠᠶᠢᠬᠤ ᠶᠢ ᠲᠥᠷᠥ ᠶᠢᠨ ᠪᠣᠯᠤᠨ ᠣᠷᠣᠨ ᠨᠤᠲᠤᠭ ᠤᠨ ᠥᠮᠴᠢᠲᠤ ᠪᠦᠬᠦ ᠪᠠᠶᠢᠭᠤᠯᠤᠯᠭ᠎ᠠ ᠳᠤ ᠳᠠᠭᠠᠭᠠᠯᠭᠠᠭᠰᠠᠨ ᠪᠠᠶᠢᠨ᠎ᠠ᠃
ᠥᠩᠭᠡᠷᠡᠭᠰᠡᠨ ᠣᠨ ᠳᠤ ᠲᠥᠷᠥ ᠶᠢᠨ ᠪᠣᠯᠤᠨ ᠣᠷᠣᠨ ᠨᠤᠲᠤᠭ ᠤᠨ 51 ᠪᠠᠶᠢᠭᠤᠯᠤᠯᠭ᠎ᠠ 326 ᠣᠷᠴᠢᠮ ᠲᠡᠷᠪᠤᠮ ᠲᠥᠭᠥᠷᠢᠭ ᠦᠨ ᠪᠠᠷᠠᠭ᠎ᠠ ᠪᠦᠲᠦᠭᠡᠭᠳᠡᠬᠦᠨ ᠢ ᠳᠣᠲᠣᠭᠠᠳᠤ ᠶᠢᠨ ᠦᠢᠯᠡᠳᠪᠦᠷᠢ ᠡᠴᠡ ᠬᠤᠳᠠᠯᠳᠤᠵᠤ ᠠᠪᠤᠭᠰᠠᠨ ᠢᠶᠠᠨ ᠲᠠᠶᠢᠯᠤᠩᠨᠠᠵᠠᠢ᠃ ᠡᠨᠡ ᠨᠢ ᠵᠢᠭᠰᠠᠭᠠᠯᠲᠠ ᠳᠤ ᠪᠠᠭᠲᠠᠭᠰᠠᠨ ᠪᠠᠷᠠᠭ᠎ᠠ ᠪᠦᠲᠦᠭᠡᠭᠳᠡᠬᠦᠨ ᠦ ᠨᠡᠶᠢᠲᠡ ᠦᠨ᠎ᠡ ᠶᠢᠨ ᠳ᠋ᠦᠩ ᠦᠨ 98 ᠬᠤᠪᠢ ᠠᠵᠡᠢ᠃

ᠰᠡᠳᠬᠢᠭᠳᠡᠯ ᠦᠯᠡᠳᠡᠭᠡᠬᠦ