ᠲᠠᠪᠤᠨᠲᠣᠯᠣᠭᠠᠢ ᠶᠢᠨ ᠰᠲ᠋ᠠᠨᠼ ᠢ 2025 ᠣᠨ ᠳᠤ ᠠᠰᠢᠭᠯᠠᠯᠲᠠ ᠳᠤ ᠣᠷᠣᠭᠤᠯᠤᠨ᠎ᠠ | News.MN

 ᠲᠠᠪᠤᠨᠲᠣᠯᠣᠭᠠᠢ ᠶᠢᠨ ᠰᠲ᠋ᠠᠨᠼ ᠢ 2025 ᠣᠨ ᠳᠤ ᠠᠰᠢᠭᠯᠠᠯᠲᠠ ᠳᠤ ᠣᠷᠣᠭᠤᠯᠤᠨ᠎ᠠ

 

ᠵᠠᠰᠠᠭ ᠤᠨ ᠭᠠᠵᠠᠷ ᠥᠩᠭᠡᠷᠡᠭᠰᠡᠨ ᠳᠥᠷᠪᠡᠳᠦᠭᠡᠷ ᠰᠠᠷ᠎ᠠ ᠳᠤ ᠤᠭ᠍ᠶᠤᠲᠤᠯᠤᠭᠠᠢ ᠶᠢᠨ ᠠᠭᠤᠷᠬᠠᠢ ᠶᠢ ᠴᠠᠬᠢᠯᠭᠠᠨ ᠡᠷᠴᠢᠮ ᠬᠦᠴᠦ ᠪᠡᠷ ᠬᠠᠩᠭᠠᠬᠤ ᠵᠣᠷᠢᠯᠭ᠎ᠠ ᠪᠠᠷ ᠲᠠᠪᠤᠨᠲᠣᠯᠣᠭᠠᠢ ᠶᠢᠨ ᠠᠭᠤᠷᠬᠠᠢ ᠶᠢ ᠲᠦᠰᠢᠭᠯᠡᠨ ᠴᠠᠬᠢᠯᠭᠠᠨ ᠰᠲ᠋ᠠᠨᠼ ᠪᠠᠷᠢᠬᠤ ᠰᠢᠢᠳᠪᠦᠷᠢ ᠭᠠᠷᠭᠠᠭᠰᠠᠨ᠃ ᠡᠭᠦᠨ ᠲᠡᠢ ᠬᠣᠯᠪᠣᠭᠳᠠᠭᠤᠯᠤᠨ ᠶᠠᠮᠠᠷ ᠠᠵᠢᠯ ᠬᠢᠵᠦ ᠪᠠᠶᠢᠭ᠎ᠠ ᠲᠠᠯ᠎ᠠ ᠪᠠᠷ ᠡᠷᠴᠢᠮ ᠬᠦᠴᠦᠨ ᠦ ᠰᠠᠶᠢᠳ ᠨ∙ᠲᠠᠪᠢᠨᠪᠡᠬᠢ ᠮᠡᠳᠡᠭᠡᠯᠡᠯ ᠥᠭᠭᠦᠯ᠎ᠡ᠃
ᠲᠡᠷᠡ ᠪᠡᠷ᠄ ᠢᠷᠡᠬᠦ ᠳᠣᠯᠣᠳᠤᠭᠠᠷ ᠰᠠᠷ᠎ᠠ ᠳᠤ ᠴᠠᠬᠢᠯᠭᠠᠨ ᠰᠲ᠋ᠠᠨᠼ ᠤᠨ ᠪᠠᠷᠢᠯᠭ᠎ᠠ ᠤᠭᠰᠠᠷᠠᠯᠲᠠ ᠶᠢᠨ ᠠᠵᠢᠯ ᠢ ᠭᠦᠢᠴᠡᠳᠬᠡᠭᠴᠢ ᠶᠢ ᠰᠣᠩᠭᠣᠨ ᠰᠢᠯᠭᠠᠷᠠᠭᠤᠯᠤᠨ᠎ᠠ᠃ ᠣᠳᠣ ᠶᠢᠨ ᠪᠠᠶᠢᠳᠠᠯ ᠢᠶᠠᠷ ᠤᠭ᠍ᠶᠤᠲᠤᠯᠤᠭᠠᠢ 160-170  ᠮᠸᠭᠢᠸᠠᠲ ᠤᠨ ᠬᠦᠴᠦᠨ ᠴᠢᠳᠠᠯ ᠲᠠᠢ ᠴᠠᠬᠢᠯᠭᠠᠨ ᠡᠷᠴᠢᠮ ᠬᠦᠴᠦ ᠬᠡᠷᠡᠭᠯᠡᠵᠦ ᠪᠠᠶᠢᠨ᠎ᠠ᠃ ᠥᠪᠥᠷ ᠮᠣᠩᠭᠣᠯ  ᠠᠴᠠ 2020 ᠣᠨ ᠳᠤ 120 ᠣᠷᠴᠢᠮ ᠰᠠᠶ᠎ᠠ ᠳ᠋ᠣᠯᠯᠠᠷ ᠤᠨ ᠡᠷᠴᠢᠮ ᠬᠦᠴᠦ ᠠᠪᠴᠤ ᠬᠡᠷᠡᠭᠯᠡᠭᠰᠡᠨ᠃ ᠪᠢᠳᠡ ᠴᠠᠬᠢᠯᠭᠠᠨ ᠰᠲ᠋ᠠᠨᠼ ᠢᠶᠠᠨ ᠳᠥᠷᠪᠡᠨ ᠵᠢᠯ ᠦᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠨ᠎ᠠ ᠭᠡᠵᠦ ᠲᠥᠯᠥᠪᠯᠡᠵᠦ ᠪᠠᠶᠢᠭ᠎ᠠ ᠭᠡᠯ᠎ᠡ᠃

ᠰᠡᠳᠬᠢᠭᠳᠡᠯ ᠦᠯᠡᠳᠡᠭᠡᠬᠦ