ᠭᠤᠷᠪᠠᠨ ᠨᠠᠢᠷᠠᠭᠤᠯᠤᠭᠴᠢ ᠨᠠᠭᠠᠳᠤᠮ ᠤᠨ ᠨᠡᠭᠡᠭᠡᠯᠲᠡ᠂ ᠬᠠᠭᠠᠯᠲᠠ ᠶᠢ ᠨᠠᠶᠢᠷᠠᠭᠤᠯᠬᠤ ᠪᠠᠷ ᠪᠣᠯᠵᠠᠢ | News.MN

 ᠭᠤᠷᠪᠠᠨ ᠨᠠᠢᠷᠠᠭᠤᠯᠤᠭᠴᠢ ᠨᠠᠭᠠᠳᠤᠮ ᠤᠨ ᠨᠡᠭᠡᠭᠡᠯᠲᠡ᠂ ᠬᠠᠭᠠᠯᠲᠠ ᠶᠢ ᠨᠠᠶᠢᠷᠠᠭᠤᠯᠬᠤ ᠪᠠᠷ ᠪᠣᠯᠵᠠᠢ

 

ᠦᠨᠳᠦᠰᠦᠨ ᠦ ᠶᠡᠬᠡ ᠪᠠᠶᠠᠷ ᠨᠠᠭᠠᠳᠤᠮ ᠢ ᠵᠣᠬᠢᠶᠠᠨ ᠪᠠᠶᠢᠭᠤᠯᠬᠤ ᠬᠣᠷᠢᠶᠠᠨ ᠠᠴᠠ ᠵᠢᠯ ᠪᠦᠷᠢ ᠶᠢᠨ ᠨᠠᠭᠠᠳᠤᠮ ᠤᠨ ᠨᠡᠭᠡᠭᠡᠯᠲᠡ᠂ ᠬᠠᠭᠠᠯᠲᠠ ᠶᠢ ᠨᠠᠶᠢᠷᠠᠭᠤᠯᠬᠤ ᠨᠠᠶᠢᠷᠠᠭᠤᠯᠤᠭᠴᠢ ᠶᠢ ᠰᠣᠩᠭᠣᠨ ᠰᠢᠯᠭᠠᠷᠠᠭᠤᠯᠳᠠᠭ᠃ ᠡᠨᠡ ᠵᠢᠯ ᠦᠨ ᠨᠠᠭᠠᠳᠤᠮ ᠤᠨ ᠨᠡᠭᠡᠭᠡᠯᠲᠡ᠂ ᠬᠠᠭᠠᠯᠲᠠ ᠶᠢ ᠬᠡᠨ ᠢᠶᠡᠷ ᠨᠠᠶᠢᠷᠠᠭᠤᠯᠤᠭᠤᠯᠬᠤ ᠲᠠᠯ᠎ᠠ ᠪᠠᠷ ᠦᠨᠳᠦᠰᠦᠨ ᠦ ᠶᠡᠬᠡ ᠪᠠᠶᠠᠷ ᠨᠠᠭᠠᠳᠤᠮ ᠢ ᠵᠣᠬᠢᠶᠠᠨ ᠪᠠᠶᠢᠭᠤᠯᠬᠤ ᠬᠣᠷᠢᠶᠠᠨ ᠠᠴᠠ᠂ ᠲᠤᠯᠭᠤᠷ ᠲᠥᠷᠥ ᠶᠢᠨ 2230᠂ ᠶᠡᠬᠡ ᠮᠣᠩᠭᠣᠯ ᠤᠯᠤᠰ ᠪᠠᠢᠭᠤᠯᠤᠭᠳᠠᠭᠰᠠᠨ ᠤ 815᠂ ᠠᠷᠠᠳ ᠤᠨ ᠬᠤᠪᠢᠰᠬᠠᠯ ᠤᠨ 100 ᠵᠢᠯ ᠦᠨ ᠣᠢ ᠶᠢᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ᠂ ᠬᠠᠭᠠᠯᠲᠠ ᠶᠢᠨ ᠺᠣᠨᠼᠧᠷᠲ ᠢ ᠨ ∙ ᠨᠠᠷᠠᠨᠪᠠᠭᠠᠲᠤᠷ᠂ ᠭ ∙ ᠴᠤᠭᠭᠡᠷᠡᠯ᠂ ᠪ ∙ ᠪᠠᠭᠠᠲᠤᠷ ᠨᠠᠷ ᠬᠠᠮᠲᠤᠷᠠᠨ ᠨᠠᠶᠢᠷᠠᠭᠤᠯᠬᠤ ᠪᠠᠷ ᠪᠣᠯᠤᠭᠰᠠᠨ ᠬᠡᠮᠡᠨ ᠮᠡᠳᠡᠭᠡᠯᠡᠯ᠎ᠡ᠃
ᠨ ∙ ᠨᠠᠷᠠᠨᠪᠠᠭᠠᠲᠤᠷ 2016᠂ 2017᠂ 2018 ᠣᠨ ᠤ ᠪᠠᠶᠠᠷ ᠨᠠᠭᠠᠳᠤᠮ ᠤᠨ ᠨᠠᠶᠢᠷᠠᠭᠤᠯᠤᠭᠴᠢ ᠪᠠᠷ ᠭᠤᠷᠪᠠᠨ ᠵᠢᠯ ᠳᠠᠷᠠᠭᠠᠯᠠᠨ ᠠᠵᠢᠯᠯᠠᠭᠰᠠᠨ᠃ ᠭ∙ᠴᠤᠭᠭᠡᠷᠡᠯ 2019 ᠣᠨ ᠤ ᠨᠠᠭᠠᠳᠤᠮ ᠤᠨ ᠶᠡᠷᠦᠩᠬᠡᠢ ᠨᠠᠶᠢᠷᠠᠭᠤᠯᠤᠭᠴᠢ ᠪᠠᠷ ᠠᠵᠢᠯᠯᠠᠭᠰᠠᠨ ᠪᠣᠯ ᠪ∙ᠪᠠᠭᠠᠲᠤᠷ 2020 ᠣᠨ ᠤ ᠦᠵᠡᠭᠴᠢ ᠦᠭᠡᠢ ᠨᠠᠭᠠᠳᠤᠮ ᠤᠨ ᠺᠣᠨᠼᠧᠷᠲ ᠢ ᠠᠩᠬ᠎ᠠ ᠤᠳᠠᠭ᠎ᠠ ᠨᠠᠶᠢᠷᠠᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ