ᠤᠷᠠᠨ ᠪᠢᠴᠢᠯᠭᠡ ᠶᠢᠨ ᠰᠢᠯᠢᠳᠡᠭ ᠪᠦᠲᠦᠭᠡᠯ ᠦᠨ ᠡᠵᠡᠳ ᠲᠦ ᠱᠠᠩᠨᠠᠯ ᠭᠠᠷᠳᠠᠭᠤᠯᠪᠠ | News.MN

 ᠤᠷᠠᠨ ᠪᠢᠴᠢᠯᠭᠡ ᠶᠢᠨ ᠰᠢᠯᠢᠳᠡᠭ ᠪᠦᠲᠦᠭᠡᠯ ᠦᠨ ᠡᠵᠡᠳ ᠲᠦ ᠱᠠᠩᠨᠠᠯ ᠭᠠᠷᠳᠠᠭᠤᠯᠪᠠ

 

ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠥᠨᠥᠳᠥᠷ《ᠮᠥᠩᠬᠡ ᠲᠩᠷᠢ ᠶᠢᠨ ᠪᠢᠴᠢᠭ-2020》ᠮᠣᠩᠭᠣᠯ ᠤᠷᠠᠨ ᠪᠢᠴᠢᠯᠭᠡ ᠶᠢᠨ ᠦᠵᠡᠰᠬᠦᠯᠡᠩ ᠦᠨ ᠰᠢᠯᠢᠳᠡᠭ ᠣᠷᠣᠯᠴᠠᠭᠴᠢᠳ ᠲᠤ ᠡᠷᠭᠦᠮᠵᠢᠯᠡᠯ᠂ ᠮᠥᠩᠭᠥᠨ ᠱᠠᠩᠨᠠᠯ᠂ ᠭᠠᠷ ᠤᠨ ᠪᠡᠯᠡᠭ ᠭᠠᠷᠳᠠᠭᠤᠯᠤᠯ᠎ᠠ᠃ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ 《ᠮᠣᠩᠭᠣᠯ ᠪᠠᠬᠠᠷᠬᠠᠯ ᠤᠨ ᠡᠳᠦᠷ》 ᠲᠤ ᠵᠣᠷᠢᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠵᠣᠬᠢᠶᠠᠨ ᠪᠠᠶᠢᠭᠤᠯᠳᠠᠭ《ᠮᠥᠩᠬᠡ ᠲᠩᠷᠢ ᠶᠢᠨ ᠪᠢᠴᠢᠭ》ᠮᠣᠩᠭᠣᠯ ᠤᠷᠠᠨ ᠪᠢᠴᠢᠯᠭᠡ ᠶᠢᠨ ᠦᠵᠡᠰᠬᠦᠯᠡᠩ ᠢ ᠴᠠᠷ᠎ᠠ ᠲᠠᠬᠤᠯ ᠤᠨ ᠨᠥᠬᠥᠴᠡᠯ ᠪᠠᠶᠢᠳᠠᠯ ᠤᠨ ᠤᠯᠠᠮ ᠠᠴᠠ ᠬᠣᠶᠢᠰᠢᠯᠠᠭᠤᠯᠤᠭᠠᠳ ᠪᠠᠶᠢᠭᠰᠠᠨ ᠪᠢᠯᠡ᠃
ᠲᠡᠭᠡᠪᠡᠯ ᠡᠨᠡ ᠰᠠᠷ᠎ᠠ ᠳᠤ ᠲᠣᠬᠢᠶᠠᠵᠤ ᠪᠤᠢ ᠦᠨᠳᠦᠰᠦᠨ ᠦ ᠪᠢᠴᠢᠭ ᠦᠰᠦᠭ ᠦᠨ ᠪᠠᠶᠠᠷ ᠢ ᠲᠣᠬᠢᠶᠠᠯᠳᠤᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ︽ᠮᠥᠩᠬᠡ ᠲᠩᠷᠢ ᠶᠢᠨ ᠪᠢᠴᠢᠭ-2020》 ᠦᠵᠡᠰᠬᠦᠯᠡᠩ ᠢ ᠨᠠᠢᠲᠡ ᠶᠢᠨ ᠮᠠᠰᠢᠨ ᠤ ᠪᠠᠭᠤᠳᠠᠯ᠂ ᠭᠤᠳᠤᠮᠵᠢᠨ ᠤ ᠮᠡᠳᠡᠭᠡᠯᠡᠯ ᠦᠨ ᠪᠠᠶᠢᠭᠤᠯᠤᠮᠵᠢ᠂ ᠳ᠋ᠢᠵᠢᠲ᠋ᠠᠯ ᠳᠡᠯᠭᠡᠴᠡ ᠪᠡᠷ ᠳᠠᠮᠵᠢᠭᠤᠯᠤᠨ ᠲᠠᠪᠤᠳᠤᠭᠠᠷ ᠰᠠᠷ᠎ᠠ ᠶᠢᠨ 12 – 25 ᠤ ᠡᠳᠦᠷ ᠦᠳ ᠲᠦ ᠣᠯᠠᠨ ᠨᠡᠶᠢᠲᠡ ᠳᠦ ᠲᠣᠯᠢᠯᠠᠭᠤᠯᠵᠤ ᠪᠠᠶᠢᠨ᠎ᠠ᠃ ᠬ∙ᠪᠠᠲᠤᠲᠤᠯᠭ᠎ᠠ ᠰᠢᠯᠢᠳᠡᠭ ᠣᠷᠣᠯᠴᠠᠭᠴᠢᠳ ᠲᠤ ᠡᠷᠭᠦᠮᠵᠢᠯᠡᠯ ᠭᠠᠷᠳᠠᠭᠤᠯᠤᠭᠰᠠᠨ ᠤ ᠪᠠᠨ ᠳᠠᠷᠠᠭ᠎ᠠ᠄

ᠦᠰᠦᠭ ᠦᠨ ᠤᠷᠠᠯᠢᠭ ᠤᠨ ᠰᠢᠯᠢᠳᠡᠭ ᠦᠳ᠂ ᠦᠨᠳᠦᠰᠦᠨ ᠦ ᠪᠢᠴᠢᠭ ᠦᠰᠦᠭ ᠦᠨ ᠵᠢᠳᠬᠦᠯᠲᠡᠨ ᠨᠦᠭᠦᠳ᠂ ᠪᠢᠴᠢᠭ ᠰᠣᠶᠣᠯ ᠳᠤ ᠪᠠᠨ ᠰᠢᠮᠳᠠᠨ ᠰᠤᠷᠤᠯᠴᠠᠵᠤ᠂ ᠲᠦᠭᠡᠭᠡᠨ ᠳᠡᠯᠭᠡᠷᠡᠭᠦᠯᠵᠦ ᠪᠠᠶᠢᠭ᠎ᠠ ᠮᠣᠩᠭᠣᠯ ᠪᠢᠴᠢᠭᠲᠡᠨ ᠰᠤᠷᠤᠭᠴᠢ   ᠪᠠᠭᠠᠴᠤᠳ ᠲᠠ ᠪᠦᠬᠦᠨ ᠳᠦ ᠦᠨᠳᠦᠰᠦᠨ ᠦ ᠪᠢᠴᠢᠭ ᠦᠰᠦᠭ ᠦᠨ ᠪᠠᠶᠠᠷ ᠤᠨ ᠮᠡᠨᠳᠦ ᠶᠢ ᠳᠡᠪᠰᠢᠭᠦᠯᠦᠶ᠎ᠡ᠃
ᠮᠣᠩᠭᠣᠯ ᠪᠢᠴᠢᠭ ᠪᠣᠯ ᠮᠣᠩᠭᠣᠯ ᠬᠦᠮᠦᠨ ᠪᠣᠯᠵᠤ ᠲᠦᠷᠦᠭᠰᠡᠨ᠂ ᠮᠣᠩᠭᠣᠯ ᠢᠶᠠᠷ ᠢᠶᠠᠨ ᠪᠠᠬᠠᠷᠬᠠᠳᠠᠭ ᠬᠦᠮᠦᠨ ᠪᠦᠷᠢ ᠶᠢᠨ ᠣᠶᠤᠨ ᠤ ᠦᠨᠡᠲᠦ ᠪᠠᠬᠠᠷᠬᠠᠯᠲᠤ ᠥᠪ ᠶᠤᠮ᠃ ᠮᠣᠩᠭᠣᠯ ᠪᠢᠴᠢᠭ ᠲᠦ ᠪᠡᠨ ᠳᠤᠷᠠᠯᠠᠵᠤ᠂ ᠥᠪ ᠰᠤᠶᠤᠯ ᠳᠤ ᠪᠠᠨ ᠰᠢᠮᠡᠳᠦᠭᠰᠡᠨ ᠲᠠ ᠪᠦᠬᠦᠨ ᠪᠣᠯ ᠡᠨᠡ ᠦᠨᠡᠲᠦ ᠥᠪ ᠢᠶᠡᠨ ᠬᠠᠳᠠᠭᠠᠯᠠᠨ ᠬᠠᠮᠠᠭᠠᠯᠠᠵᠤ᠂ ᠦᠨᠳᠦᠰᠦᠨ ᠦ ᠪᠠᠬᠠᠷᠬᠠᠯ ᠢᠶᠠᠨ ᠲᠦᠭᠡᠭᠡᠨ ᠳᠡᠯᠭᠡᠷᠡᠭᠦᠯᠵᠦ ᠪᠠᠶᠢᠭ᠎ᠠ ᠡᠷᠬᠢᠮ ᠦᠢᠯᠡᠰ ᠦᠨ ᠡᠵᠡᠳ ᠪᠢᠯᠡ᠃ ᠪᠠᠶᠠᠷ ᠬᠦᠷᠭᠡᠶ᠎ᠡ᠃
ᠮᠢᠨᠦ ᠪᠡᠶ᠎ᠡ ᠥᠪᠡᠷ ᠦᠨ ᠪᠡᠶ᠎ᠡ ᠪᠡᠷ ᠦᠯᠢᠭᠡᠷᠯᠡᠨ ᠬᠣᠵᠢᠭᠤ ᠴᠤ ᠭᠡᠯ᠎ᠡ ᠦᠨᠳᠦᠰᠦᠨ ᠦ ᠪᠢᠴᠢᠭ ᠢᠶᠡᠨ ᠰᠤᠷᠴᠤ᠂  ᠰᠤᠷᠤᠭᠰᠠᠨ ᠮᠡᠳᠡᠭᠰᠡᠨ ᠢᠶᠡᠨ ᠲᠦᠭᠡᠭᠡᠬᠦ᠂ ᠥᠭᠬᠦ ᠶᠢᠨ ᠲᠤᠯᠠᠳᠠ ᠬᠢᠴᠢᠶᠡᠯ ᠪᠣᠯᠭᠠᠨ ᠵᠢᠭᠠᠭᠰᠠᠨ ᠢ ᠬᠡᠦᠬᠡᠳ ᠦᠳ ᠲᠠ ᠨᠠᠷ ᠦᠵᠡᠭᠰᠡᠨ ᠪᠠᠶᠢᠬᠤ ᠭᠡᠵᠦ ᠨᠠᠶᠢᠳᠠᠵᠤ ᠪᠠᠶᠢᠨ᠎ᠠ᠃ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠭᠠᠳᠠᠭᠠᠳᠤ ᠠᠯᠪᠠᠨ ᠪᠢᠴᠢᠭ᠂ ᠭᠠᠳᠠᠭᠠᠳᠤ ᠢᠷᠭᠡᠨ ᠦ ᠱᠠᠩᠨᠠᠯ ᠤᠨ ᠪᠠᠲᠤᠯᠠᠮᠵᠢ᠂ ᠡᠯᠴᠢᠨ ᠰᠠᠶᠢᠳ ᠤᠨ ᠢᠲᠡᠭᠡᠮᠵᠢᠯᠡᠬᠦ ᠵᠢᠭᠤᠬᠤ ᠪᠢᠴᠢᠭ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠭᠠᠷᠴᠤ ᠪᠤᠢ ᠤᠷᠢᠯᠭ᠎ᠠ᠂ ᠲᠠᠯᠠᠷᠬᠠᠯ᠂ ᠡᠷᠭᠦᠮᠵᠢᠯᠡᠯ᠂ ᠪᠠᠲᠤᠯᠠᠮᠵᠢ ᠭᠡᠳ ᠪᠦᠬᠦᠢ ᠯᠠ ᠪᠠᠷᠢᠮᠲᠠ ᠪᠢᠴᠢᠭ ᠦᠳ ᠮᠣᠩᠭᠣᠯ ᠦᠨᠳᠦᠰᠦᠨ ᠦ ᠪᠢᠴᠢᠭ ᠢᠶᠡᠷ ᠪᠡᠯᠡᠳᠬᠡᠭᠳᠡᠵᠦ᠂ ᠬᠣᠣᠰ ᠪᠢᠴᠢᠭ ᠲᠡᠢ ᠪᠡᠷ ᠪᠠᠲᠤᠯᠠᠭᠳᠠᠳᠠᠭ ᠶᠤᠮ᠃
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠵᠢᠯ ᠪᠦᠷᠢ ᠵᠣᠬᠢᠶᠠᠨ ᠪᠠᠶᠢᠭᠤᠯᠳᠠᠭ 《ᠮᠥᠩᠬᠡ ᠲᠩᠷᠢ ᠶᠢᠨ ᠪᠢᠴᠢᠭ》ᠤᠷᠠᠨ ᠪᠢᠴᠢᠯᠭᠡ ᠶᠢᠨ ᠦᠵᠡᠰᠬᠦᠯᠡᠩ ᠪᠣᠯ ᠮᠣᠩᠭᠣᠯ ᠪᠢᠴᠢᠭ ᠦᠨ ᠬᠦᠷᠢᠶᠡᠨ ᠦ ᠬᠢᠨ ᠦ ᠬᠦᠰᠡᠨ ᠬᠦᠯᠢᠶᠡᠳᠡᠭ ᠲᠣᠮᠣᠬᠠᠨ ᠤᠯᠠᠮᠵᠢᠯᠠᠯᠲᠤ ᠪᠠᠶᠠᠷ ᠪᠣᠯᠤᠭᠰᠠᠨ᠃ ᠥᠩᠭᠡᠷᠡᠭᠰᠡᠨ ᠵᠢᠯ ᠴᠠᠷ᠎ᠠ ᠲᠠᠬᠤᠯ ᠤᠨ ᠨᠥᠬᠥᠴᠡᠯ ᠪᠠᠶᠢᠳᠠᠯ ᠠᠴᠠ ᠰᠢᠯᠲᠠᠭᠠᠯᠠᠨ ᠬᠣᠶᠢᠰᠢᠯᠠᠭᠰᠠᠨ ᠦᠵᠡᠰᠬᠦᠯᠡᠩ ᠮᠠᠨᠢ ᠥᠨᠥ ᠵᠢᠯ ᠦᠨᠳᠦᠰᠦᠨ ᠦ ᠪᠢᠴᠢᠭ ᠦᠰᠦᠭ ᠦᠨ ᠪᠠᠶᠠᠷ ᠢ ᠲᠣᠬᠢᠶᠠᠯᠳᠤᠭᠤᠯᠤᠨ ᠤᠯᠠᠭᠠᠨᠪᠠᠭᠠᠲᠤᠷ ᠤᠨ ᠭᠤᠳᠤᠮᠵᠢᠨ ᠤ ᠮᠡᠳᠡᠭᠡᠯᠡᠯ ᠦᠨ ᠪᠠᠶᠢᠭᠤᠯᠤᠮᠵᠢ ᠨᠤᠭᠤᠳ ᠲᠤ ᠳᠡᠯᠭᠡᠭᠳᠡᠭᠰᠡᠨ ᠪᠠᠶᠢᠭ᠎ᠠ ᠨᠢ ᠨᠡᠶᠢᠰᠯᠡᠯ ᠬᠣᠲᠠ ᠪᠠᠨ ᠥᠪ ᠰᠤᠶᠤᠯ᠂ ᠦᠨᠳᠦᠰᠦᠨ ᠦ ᠠᠭᠤᠯᠭ᠎ᠠ ᠪᠠᠷ ᠴᠢᠮᠡᠵᠦ ᠪᠠᠶᠢᠨ᠎ᠠ᠃
ᠥᠨᠥᠳᠥᠷ 《ᠮᠥᠩᠬᠡ ᠲᠩᠷᠢ ᠶᠢᠨ ᠪᠢᠴᠢᠭ》 ᠦᠵᠡᠰᠬᠦᠯᠡᠩ ᠦᠨ ᠰᠢᠯᠢᠳᠡᠭ ᠦᠳ ᠲᠦ ᠤᠯᠠᠮᠵᠢᠯᠠᠯ ᠶᠣᠰᠣᠭᠠᠷ ᠱᠠᠩᠨᠠᠯ ᠢ ᠨᠢ ᠭᠠᠷᠳᠠᠭᠤᠯᠬᠤ ᠪᠣᠯᠤᠮᠵᠢ ᠣᠯᠳᠠᠵᠤ᠂ ᠲᠠ ᠪᠦᠬᠦᠨ ᠲᠡᠢ ᠠᠭᠤᠯᠵᠠᠭᠰᠠᠨ ᠳᠤ ᠪᠠᠨ ᠮᠢᠨᠦ ᠪᠡᠶ᠎ᠡ ᠲᠤᠶᠢᠯ ᠤᠨ ᠪᠠᠶᠠᠷ ᠲᠠᠢ ᠪᠠᠶᠢᠨ᠎ᠠ᠃ ᠦᠵᠡᠰᠬᠦᠯᠡᠩ ᠳᠦ ᠣᠷᠣᠯᠴᠠᠭᠰᠠᠨ ᠪᠦᠬᠦ ᠬᠡᠦᠬᠡᠳ ᠂ ᠤᠷᠠᠨ ᠪᠢᠴᠢᠭᠡᠴᠢ ᠮᠣᠩᠭᠣᠯ ᠪᠢᠴᠢᠭᠲᠡᠨ ᠪᠠᠭᠠᠴᠤᠳ᠂ ᠡᠷᠳᠡᠮᠲᠦ ᠪᠠᠭᠰᠢ ᠨᠠᠷ᠂ ᠤᠷᠠᠨ ᠪᠦᠲᠦᠭᠡᠯᠴᠢᠳ ᠲᠦ ᠪᠡᠨ ᠪᠦᠭᠦᠳᠡ ᠳᠦ ᠨᠢ ᠳᠠᠬᠢᠨ ᠪᠠᠶᠠᠷᠯᠠᠯ᠎ᠠ ᠭᠡᠵᠦ ᠬᠡᠯᠡᠶ᠎ᠡ᠃ ᠴᠢᠬᠢᠨ ᠦ ᠴᠢᠮᠡᠭ ᠪᠣᠯᠤᠭᠰᠠᠨ ᠠᠶᠠᠯᠭᠤ ᠰᠠᠶᠢᠬᠠᠨ ᠮᠣᠩᠭᠣᠯ ᠬᠡᠯᠡ ᠪᠢᠴᠢᠭ ᠦᠰᠦᠭ ᠢᠶᠡᠨ ᠰᠤᠷᠴᠤ ᠰᠤᠳᠤᠯᠬᠤ᠂ ᠲᠦᠭᠡᠭᠡᠨ ᠳᠡᠯᠭᠡᠷᠡᠭᠦᠯᠬᠦ ᠡᠷᠬᠢᠮ ᠦᠢᠯᠡᠰ ᠲᠦ ᠴᠠᠭ ᠵᠠᠪ᠂ ᠰᠡᠳᠬᠢᠯ ᠵᠢᠷᠦᠬᠡ ᠪᠡᠨ ᠵᠣᠷᠢᠭᠤᠯᠤᠭᠰᠠᠨ ᠳᠤ ᠲᠠᠨᠢ ᠭᠦᠨ ᠲᠠᠯᠠᠷᠬᠠᠯ ᠢᠯᠡᠷᠬᠡᠶᠢᠯᠡᠵᠦ᠂ ᠤᠯᠠᠮ ᠶᠡᠬᠡ ᠠᠮᠵᠢᠯᠲᠠ ᠢᠷᠦᠭᠡᠶ᠎ᠡ᠃ ᠮᠥᠩᠬᠡ ᠲᠩᠷᠢ ᠶᠢᠨ ᠳᠣᠣᠷ᠎ᠠ ᠮᠣᠩᠭᠣᠯ ᠪᠢᠴᠢᠭ ᠰᠣᠶᠣᠯ ᠲᠦᠭᠡᠮᠡᠯ ᠪᠣᠯᠲᠤᠭᠠᠢ ᠭᠡᠯ᠎ᠡ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Harry 2021-05-18 70.73.177.91

In 2021?