ᠼ∙ᠡᠯᠪᠡᠭᠳᠣᠷᠵᠢ ᠶᠢ ᠲᠠᠩᠨᠠᠭᠤᠯ ᠤᠨ ᠪᠠᠢᠭᠤᠯᠤᠯᠭ᠎ᠠ ᠰᠢᠯᠭᠠᠵᠤ ᠡᠬᠢᠯᠡᠪᠡ | News.MN

ᠼ∙ᠡᠯᠪᠡᠭᠳᠣᠷᠵᠢ ᠶᠢ ᠲᠠᠩᠨᠠᠭᠤᠯ ᠤᠨ ᠪᠠᠢᠭᠤᠯᠤᠯᠭ᠎ᠠ ᠰᠢᠯᠭᠠᠵᠤ ᠡᠬᠢᠯᠡᠪᠡ

 

ᠮᠣᠩᠭᠣᠯ ᠤᠯᠤᠰ ᠤᠨ ᠶᠡᠷᠦᠩᠬᠡᠶᠢᠯᠡᠭᠴᠢ ᠠᠰᠠᠨ ᠼ ∙ᠡᠯᠪᠡᠭᠳᠣᠷᠵᠢ ᠳᠤ ᠬᠣᠯᠪᠣᠭᠳᠠᠬᠤ ᠬᠡᠷᠡᠭ ᠦᠳ ᠢ ᠨᠢᠭᠡᠳᠬᠡᠨ ᠲᠠᠩᠨᠠᠭᠤᠯ ᠤᠨ ᠪᠠᠶᠢᠭᠤᠯᠤᠯᠭ᠎ᠠ ᠳᠤ ᠰᠢᠯᠭᠠᠭᠤᠯᠬᠤ ᠪᠠᠷ ᠫᠷᠣᠺᠦ᠋ᠷᠣᠷ ᠠᠴᠠ ᠬᠠᠷᠢᠶᠠᠯᠠᠯ ᠲᠤᠭᠲᠠᠭᠠᠵᠠᠢ᠃ ᠲᠡᠭᠦᠨ ᠢ ᠡᠷᠳᠡᠨᠢᠲᠦ ᠦᠢᠯᠡᠳᠪᠦᠷᠢ ᠶᠢᠨ 49 ᠬᠤᠪᠢ ᠶᠢᠨ ᠬᠤᠪᠢᠴᠠᠭ᠎ᠠ ᠶᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠳᠠᠪᠠᠭᠤ ᠡᠷᠬᠡ ᠡᠴᠡ ᠲᠠᠲᠠᠭᠠᠯᠵᠠᠭᠤᠯᠵᠤ᠂ ᠳ ∙ ᠡᠷᠳᠡᠨᠢᠪᠢᠯᠢᠭ ᠨᠠᠷ ᠤᠨ ᠡᠭᠦᠰᠬᠡᠨ ᠪᠠᠶᠢᠭᠤᠯᠤᠭᠰᠠᠨ 《ᠮᠣᠩᠭᠣᠯ ᠤᠨ ᠵᠡᠰ ᠺᠣᠷᠫᠣᠷᠠᠼ》ᠺᠤᠮᠫᠠᠨᠢ ᠳᠤ ᠰᠢᠯᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠬᠠᠮᠲᠤᠷᠠᠨ ᠣᠷᠣᠯᠴᠠᠭᠰᠠᠨ ᠬᠡᠮᠡᠨ ᠰᠢᠯᠭᠠᠭᠰᠠᠨ ᠶᠤᠮ᠃ ᠮᠥᠨ ᠤᠭ ᠬᠡᠷᠡᠭ ᠲᠡᠢ ᠬᠠᠮᠲᠤᠳᠬᠠᠨ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠢᠷᠭᠡᠨ ᠦ ᠲᠠᠺ ᠭᠤᠸᠠᠨ ᠤ 3.7 ᠰᠠᠶ᠎ᠠ ᠳ᠋ᠣᠯᠯᠠᠷ ᠢ ᠵᠠᠯᠢᠯᠠᠭᠰᠠᠨ ᠭᠡᠬᠦ ᠭᠣᠮᠣᠳᠠᠯ ᠢ ᠰᠢᠯᠭᠠᠭᠠᠳ ᠭᠡᠮ ᠪᠤᠷᠤᠭᠤ ᠲᠠᠢ ᠨᠢ ᠨᠣᠲᠠᠯᠠᠭᠳᠠᠭ᠎ᠠ ᠦᠭᠡᠢ ᠲᠤᠯᠠ ᠬᠡᠷᠡᠭᠰᠡᠬᠦ ᠦᠭᠡᠢ ᠪᠤᠯᠭᠠᠵᠤ ᠪᠠᠢᠪᠠ᠃

ᠲᠡᠭᠡᠪᠡᠯ ᠫᠷᠣᠺᠦ᠋ᠷᠣᠷ ᠤᠨ ᠪᠠᠶᠢᠭᠤᠯᠤᠯᠭ᠎ᠠ ᠠᠴᠠ ᠼ∙ᠡᠯᠪᠡᠭᠳᠣᠷᠵᠢ  ᠶᠢ ᠡᠷᠳᠡᠨᠢᠲᠦ ᠦᠢᠯᠡᠳᠪᠦᠷᠢ ᠶᠢᠨ 49ᠬᠤᠪᠢ ᠶᠢᠨ ᠬᠤᠪᠢᠴᠠᠭ᠎ᠠ ᠲᠠᠢ ᠬᠤᠯᠪᠤᠭ᠎ᠠ ᠲᠠᠢ ᠬᠡᠷᠡᠭ ᠦᠨ ᠶᠠᠯᠠᠯᠠᠭᠳᠠᠭᠴᠢ ᠪᠠᠷ ᠲᠠᠲᠠᠭᠰᠠᠨ ᠲᠣᠭᠲᠠᠭᠠᠯ ᠢ ᠬᠦᠴᠦᠨ ᠦᠭᠡᠢ ᠪᠣᠯᠭᠠᠭᠠᠳ ᠨᠡᠮᠡᠯᠲᠡ ᠠᠵᠢᠯᠯᠠᠭ᠎ᠠ ᠬᠢᠯᠭᠡᠬᠦ ᠪᠡᠷ  ᠲᠠᠩᠨᠠᠭᠤᠯ ᠤᠨ ᠶᠡᠷᠦᠩᠬᠡᠢ ᠭᠠᠵᠠᠷ ᠤᠨ ᠮᠥᠷᠳᠡᠨ ᠰᠢᠯᠭᠠᠬᠤ ᠭᠠᠵᠠᠷ ᠲᠤ ᠰᠢᠯᠵᠢᠭᠦᠯᠦᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ