ᠾᠦᠩᠨᠤᠴᠤᠳ ᠮᠣᠩᠭᠣᠯᠴᠤᠳ ᠤᠨ ᠡᠪᠦᠭᠡ ᠳᠡᠭᠡᠳᠦᠰ | News.MN

ᠾᠦᠩᠨᠤᠴᠤᠳ ᠮᠣᠩᠭᠣᠯᠴᠤᠳ ᠤᠨ ᠡᠪᠦᠭᠡ ᠳᠡᠭᠡᠳᠦᠰ

 

ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠲᠡᠦᠬᠡ ᠠᠷᠾᠸᠦᠯᠦᠭᠢ ᠶᠢᠨ ᠬᠦᠷᠢᠶᠡᠯᠡᠩ ᠦᠨ ᠾᠦᠩᠨᠤ ᠡᠷᠲᠡᠨ ᠦ ᠲᠡᠦᠬᠡ ᠶᠢᠨ ᠰᠠᠯᠪᠤᠷᠢ ᠶᠢᠨ ᠡᠷᠬᠢᠯᠡᠭᠴᠢ ᠳ᠋ᠣᠺᠲ᠋ᠣᠷ ᠴ∙ᠢᠷᠦᠭᠡᠯ-ᠡᠷᠳᠡᠨᠢ ᠲᠡᠢ ᠶᠠᠷᠢᠯᠴᠠᠯ᠎ᠠ᠃  ᠲᠡᠷᠡ ᠮᠣᠩᠭᠣᠯᠴᠤᠳ ᠪᠢᠳᠡᠨ ᠦ ᠡᠪᠦᠭᠡ ᠳᠡᠭᠡᠳᠦᠰ ᠾᠦᠩᠨᠤ  ᠶᠢᠨ ᠦᠶ᠎ᠡ ᠶᠢᠨ ᠤᠭᠰᠠᠭ᠎ᠠ ᠭᠠᠷᠤᠯ᠂ ᠪᠤᠯᠠᠰᠢ ᠬᠢᠷᠭᠢᠰᠦᠭᠦᠷ ᠢ ᠰᠤᠳᠤᠯᠤᠭᠠᠳ 20 ᠭᠠᠷᠤᠢ ᠵᠢᠯ ᠪᠣᠯᠵᠤ ᠪᠤᠢ ᠶᠤᠮ᠃
᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎    – ᠾᠦᠩᠨᠤ ᠤᠯᠤᠰ ᠨᠢ ᠮᠣᠩᠭᠣᠯᠴᠤᠳ ᠤᠨ ᠡᠪᠦᠭᠡ ᠳᠡᠭᠡᠳᠦᠰ ᠭᠡᠵᠦ ᠮᠣᠩᠭᠣᠯᠴᠤᠳ ᠦᠵᠡᠳᠡᠭ᠃ ᠭᠡᠬᠦ ᠳᠦ ᠪᠡᠨ ᠾᠦᠩᠨᠤ ᠤᠯᠤᠰ ᠤᠨ ᠤᠭᠰᠠᠭ᠎ᠠ ᠭᠠᠷᠤᠯ ᠨᠢ ᠥᠨᠥ ᠶᠢ ᠬᠦᠷᠲᠡᠯ᠎ᠡ ᠲᠣᠳᠣᠷᠬᠠᠢ ᠦᠭᠡᠢ ᠪᠠᠶᠢᠨ᠎ᠠ ᠭᠡᠵᠦ ᠰᠤᠳᠤᠯᠤᠭᠠᠴᠢᠳ ᠳ᠋ᠦᠩᠨᠡᠭᠰᠡᠨ ᠡᠴᠡ ᠭᠠᠳᠠᠨ᠎ᠠ ᠮᠣᠩᠭᠣᠯ ᠣᠷᠣᠨ ᠳᠤ ᠨᠡᠭᠦᠳᠡᠯᠯᠡᠨ ᠢᠷᠡᠭᠰᠡᠨ ᠭᠡᠰᠡᠨ ᠳ᠋ᠦᠩᠨᠡᠯᠲᠡ ᠭᠠᠷᠭᠠᠭᠰᠠᠨ᠃ ᠵᠠᠷᠢᠮ ᠡᠷᠳᠡᠮᠲᠡᠳ ᠾᠦᠩᠨᠤ ᠭᠦᠷᠦᠨ ᠮᠣᠩᠭᠣᠯᠴᠤᠳ ᠤᠨ ᠡᠪᠦᠭᠡ ᠳᠡᠭᠡᠳᠦᠰ ᠪᠠᠶᠢᠭᠰᠠᠨ ᠭᠡᠬᠦ ᠳᠦ ᠡᠷᠡᠭᠡᠯᠵᠡᠭᠡ ᠲᠡᠢ ᠭᠡᠳ ᠪᠠᠶᠢᠭ᠎ᠠ᠃ ᠡᠨᠡ ᠲᠠᠯ᠎ᠠ ᠪᠠᠷ ᠲᠠ ᠶᠠᠮᠠᠷ ᠪᠣᠳᠣᠯ ᠲᠠᠢ ᠪᠠᠶᠢᠨ᠎ᠠ︖
– ᠳᠡᠯᠡᠬᠡᠢ ᠶᠢᠨ ᠡᠷᠳᠡᠮᠲᠡᠳ ᠦᠨ ᠳᠤᠮᠳᠠ ᠾᠦᠩᠨᠤ ᠶᠢᠨ ᠭᠠᠷᠤᠯ ᠡᠭᠦᠰᠦᠯ ᠦᠨ ᠲᠤᠬᠠᠢ ᠬᠣᠶᠠᠷ ᠰᠠᠨᠠᠯ  ᠳᠠᠪᠠᠮᠠᠭᠠᠶᠢᠯᠠᠵᠤ ᠢᠷᠡᠭᠰᠡᠨ᠃ ᠰᠤᠳᠤᠯᠭᠠᠨ ᠤ ᠶᠠᠪᠤᠴᠠ ᠳᠤ 200 ᠭᠠᠷᠤᠢ ᠵᠢᠯ ᠦᠨ ᠲᠡᠷᠲᠡᠭᠡ ᠡᠴᠡ ᠨᠢ ᠲᠦᠷᠦᠲᠦ ᠶᠣᠰᠣᠨ ᠤ ᠬᠠᠭᠠᠨᠲᠤ ᠤᠯᠤᠰ ᠪᠠᠶᠢᠭᠤᠯᠤᠭᠳᠠᠭᠰᠠᠨ ᠲᠡᠦᠬᠡ ᠲᠡᠢ᠂ ᠬᠤᠷᠢᠳᠤᠭᠠᠷ ᠵᠠᠭᠤᠨ ᠤ ᠡᠬᠢᠨ ᠦᠶ᠎ᠡ ᠬᠦᠷᠲᠡᠯ᠎ᠡ ᠬᠢᠲᠠᠳ ᠰᠤᠷᠪᠤᠯᠵᠢ ᠶᠢᠨ ᠮᠡᠳᠡᠭᠡᠯᠡᠯ ᠳᠦ ᠲᠤᠯᠭᠠᠭᠤᠷᠢᠯᠠᠨ ᠰᠤᠳᠤᠯᠵᠤ ᠪᠠᠶᠢᠭᠰᠠᠨ᠃ ᠢᠯᠠᠩᠭᠤᠶ᠎ᠠ ᠧᠦ᠋ᠷᠣᠫᠠ ᠶᠢᠨ ᠰᠤᠳᠤᠯᠤᠭᠠᠴᠢᠳ ᠤᠨ ᠬᠤᠪᠢ ᠳᠤ ᠾᠦᠩᠨᠤ ᠨᠢ ᠲᠦᠷᠦᠭ ᠭᠠᠷᠤᠯ ᠲᠠᠢ ᠭᠡᠰᠡᠨ ᠦᠵᠡᠯ ᠪᠠᠷᠢᠮᠲᠠᠯᠠᠯ ᠳᠠᠪᠠᠮᠠᠭᠠᠶᠢᠯᠠᠵᠤ ᠪᠠᠶᠢᠭᠰᠠᠨ ᠶᠤᠮ᠃ ᠵᠠᠷᠢᠮ ᠰᠤᠳᠤᠯᠤᠭᠠᠴᠢᠳ ᠾᠦᠩᠨᠤ ᠮᠣᠩᠭᠣᠯ ᠭᠠᠷᠤᠯ ᠲᠠᠢ ᠭᠡᠵᠦ ᠦᠵᠡᠳᠡᠭ᠃ ᠡᠶᠢᠮᠦ ᠬᠣᠶᠠᠷ ᠮᠠᠷᠭᠤᠭᠠᠨ ᠡᠷᠳᠡᠮᠲᠡᠳ ᠦᠨ ᠳᠤᠮᠳᠠ ᠪᠤᠢ᠃ ᠨᠢᠭᠡ ᠲᠠᠯ᠎ᠠ ᠠᠴᠠ ᠨᠢ ᠬᠠᠷᠠᠬᠤ ᠳᠤ ᠡᠨᠡ ᠠᠰᠠᠭᠤᠳᠠᠯ ᠰᠢᠢᠳᠦᠭᠳᠡᠭᠰᠡᠨ ᠭᠡᠬᠦ ᠳᠦ ᠬᠡᠴᠡᠭᠦᠦ᠃ ᠦᠨᠡᠨ ᠳᠦ ᠪᠡᠨ ᠪᠣᠯ ᠡᠨᠡ ᠮᠠᠷᠭᠤᠭᠠᠨ ᠨᠢ ᠶᠠᠮᠠᠷ ᠴᠤ ᠤᠳᠬ᠎ᠠ ᠦᠭᠡᠢ ᠵᠦᠢᠯ᠃ ᠾᠦᠩᠨᠤ ᠲᠦᠷᠦᠭ ᠶᠤᠮ ᠡᠰᠡᠪᠡᠯ ᠮᠣᠩᠭᠣᠯ ᠶᠤᠮ ᠭᠡᠵᠦ ᠰᠢᠭᠤᠳ ᠬᠡᠯᠡᠬᠦ ᠪᠣᠯᠤᠮᠵᠢ ᠦᠭᠡᠢ᠃ ᠤᠴᠢᠷ ᠨᠢ ᠣᠯᠠᠨ ᠦᠨᠳᠦᠰᠦᠲᠡᠨ ᠤᠭᠰᠠᠭᠠᠲᠠᠨ ᠢ ᠨᠢᠭᠡᠳᠬᠡᠵᠦ᠂ ᠮᠠᠨ ᠤ ᠡᠷᠢᠨ ᠦ ᠡᠮᠦᠨᠡᠬᠢ205 ᠣᠨ ᠳᠤ ᠲᠦᠷᠦᠲᠦ ᠶᠣᠰᠣᠨ ᠤ ᠡᠵᠡᠨᠲᠦ ᠭᠦᠷᠦᠨ ᠢ ᠠᠩᠬ᠎ᠠ ᠪᠠᠶᠢᠭᠤᠯᠤᠭᠰᠠᠨ ᠤᠯᠤᠰ ᠶᠤᠮ᠃ ᠡᠷᠳᠡᠮᠲᠡᠳ ᠢ ᠲᠠᠯᠠᠴᠢᠭᠤᠯᠤᠭᠰᠠᠨ ᠤᠭ ᠮᠠᠷᠭᠤᠭᠠᠨ ᠢ ᠰᠢᠢᠳᠬᠦ ᠶᠢᠨ ᠲᠤᠯᠠᠳᠠ ᠾᠦᠩᠨᠤ ᠤᠯᠤᠰ ᠢ  ᠪᠠᠶᠢᠭᠤᠯᠤᠭᠰᠠᠨ ᠬᠦᠮᠦᠨ ᠪᠤᠶᠤ ᠭᠣᠣᠯ ᠴᠦᠮ᠎ᠡ ᠶᠢ ᠨᠢ ᠰᠤᠳᠤᠯᠬᠤ ᠶᠣᠰᠣᠲᠠᠢ᠃ ᠾᠦᠩᠨᠤ ᠭᠦᠷᠦᠨ ᠥᠨᠥ ᠶᠢᠨ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠠᠮᠢᠳᠤᠷᠠᠵᠤ ᠪᠠᠶᠢᠭᠰᠠᠨ ᠨᠡᠭᠦᠳᠡᠯᠴᠢᠳ ᠦᠨ ᠪᠠᠶᠢᠭᠤᠯᠤᠭᠰᠠᠨ ᠤᠯᠤᠰ ᠶᠤᠮ᠃ ᠨᠡᠶᠢᠲᠡ ᠶᠡᠬᠡ᠂ ᠪᠠᠭ᠎ᠠ 26 ᠤᠯᠤᠰ ᠦᠨᠳᠦᠰᠦᠲᠡᠨ ᠢ ᠪᠠᠭᠲᠠᠭᠠᠭᠰᠠᠨ ᠬᠦᠴᠦᠷᠬᠡᠭ ᠲᠣᠮᠣ ᠭᠦᠷᠦᠨ ᠪᠠᠶᠢᠭᠰᠠᠨ᠃ ᠠᠷᠾᠸᠦᠯᠦᠭᠢ ᠶᠢᠨ ᠳᠤᠷᠠᠰᠬᠠᠯ ᠤᠨ ᠬᠤᠪᠢ ᠳᠤ ᠠᠪᠴᠤ ᠦᠵᠡᠪᠡᠯ ᠳᠡᠶᠢᠯᠦᠩᠬᠢ ᠨᠢ ᠮᠠᠨ ᠤ ᠣᠷᠣᠨ ᠤ ᠨᠤᠲᠤᠭ ᠳᠡᠪᠢᠰᠬᠡᠷ ᠲᠦ ᠪᠠᠶᠢᠳᠠᠭ ᠤᠴᠢᠷ ᠠᠴᠠ ᠡᠨᠡ ᠪᠣᠯ ᠮᠠᠷᠭᠤᠭᠠᠳ ᠪᠠᠶᠢᠬᠤ ᠠᠰᠠᠭᠤᠳᠠᠯ ᠪᠢᠰᠢ᠃ ᠰᠡᠭᠦᠯ ᠦᠨ ᠦᠶ᠎ᠡ ᠳᠦ ᠠᠷᠾᠸᠦᠯᠦᠭᠢ ᠶᠢᠨ ᠰᠠᠯᠪᠤᠷᠢ ᠳᠤ ᠭᠸᠨᠢᠲ᠋ᠢᠺ ᠤᠨ ᠰᠤᠳᠤᠯᠭᠠᠨ ᠢ ᠨᠡᠪᠲᠡᠷᠡᠭᠦᠯᠵᠦ ᠪᠠᠶᠢᠨ᠎ᠠ᠃ ᠡᠨᠡ ᠰᠤᠳᠤᠯᠭᠠᠨ ᠨᠢ ᠭᠠᠷᠤᠯ ᠡᠭᠦᠰᠦᠯ ᠢ ᠨᠢ ᠲᠣᠭᠲᠠᠭᠠᠳᠠᠭ᠃ ᠲᠣᠪᠴᠢᠬᠠᠨ ᠳᠤ ᠪᠠᠨ᠂ ᠾᠦᠩᠨᠤ ᠭᠦᠷᠦᠨ ᠨᠢ ᠣᠯᠠᠨ ᠤᠯᠤᠰ᠂ ᠦᠨᠳᠦᠰᠦᠲᠡᠨ ᠢ ᠵᠠᠰᠠᠭ ᠵᠠᠬᠢᠷᠭᠠᠨ ᠳᠤ ᠪᠠᠨ ᠪᠠᠭᠲᠠᠭᠠᠭᠰᠠᠨ ᠨᠢᠭᠡᠳᠦᠮᠡᠯ ᠤᠯᠤᠰ ᠪᠤᠯᠪᠠᠴᠤ ᠨᠡᠭᠦᠳᠡᠯᠴᠢᠳ ᠡᠨᠡ ᠲᠦᠷᠦᠲᠦ ᠤᠯᠤᠰ ᠢ ᠠᠩᠬ᠎ᠠ ᠪᠠᠶᠢᠭᠤᠯᠤᠭᠰᠠᠨ ᠲᠤᠯᠠ ᠮᠣᠩᠭᠣᠯᠴᠤᠳ ᠤᠨ ᠡᠪᠦᠭᠡ ᠳᠡᠭᠡᠳᠦᠰ ᠭᠡᠵᠦ ᠬᠡᠯᠡᠵᠦ ᠪᠣᠯᠤᠨ᠎ᠠ᠃ ᠠᠷᠾᠸᠦᠯᠦᠭᠢ ᠶᠢᠨ ᠲᠠᠯ᠎ᠠ ᠠᠴᠠ ᠾᠦᠩᠨᠤᠴᠤᠳ ᠮᠣᠩᠭᠣᠯᠴᠤᠳ ᠤᠨ ᠡᠪᠦᠭᠡ ᠳᠡᠭᠡᠳᠦᠰ ᠭᠡᠳᠡᠭ ᠦᠨ ᠨᠢᠭᠡ ᠨᠣᠲᠠᠯᠠᠭ᠎ᠠ ᠭᠡᠵᠦ ᠬᠡᠯᠡᠵᠦ ᠪᠣᠯᠤᠨ᠎ᠠ᠃
ᠰᠣᠨᠢᠷᠬᠠᠭᠤᠯᠵᠤ ᠬᠡᠯᠡᠬᠦ ᠳᠦ᠂ ᠠᠮᠧᠷᠢᠺᠠ ᠶᠢᠨ ᠬᠠᠷᠸᠠᠷᠳ᠋ ᠤᠨ ᠶᠡᠬᠡ ᠰᠤᠷᠭᠠᠭᠤᠯᠢ ᠠᠴᠠ ᠡᠸᠦ᠋ᠷᠤ᠋ ᠠᠽᠢ ᠶᠢᠨ  ᠨᠡᠭᠦᠳᠡᠯᠴᠢᠳ ᠦᠨ ᠤᠭᠰᠠᠭ᠎ᠠ ᠭᠠᠷᠤᠯ ᠢ ᠲᠣᠳᠣᠷᠠᠭᠤᠯᠬᠤ ᠰᠤᠳᠤᠯᠭᠠᠨ ᠢ ᠬᠡᠷᠡᠭᠵᠢᠭᠦᠯᠵᠦ ᠣᠯᠠᠨ ᠣᠷᠣᠨ ᠤ ᠡᠷᠳᠡᠮᠲᠡᠳ ᠣᠷᠣᠯᠴᠠᠵᠤ ᠪᠠᠶᠢᠭ᠎ᠠ᠃ ᠥᠷᠭᠡᠨ ᠬᠦᠷᠢᠶ᠎ᠡ ᠶᠢ ᠬᠠᠮᠤᠷᠤᠭᠰᠠᠨ᠂ ᠰᠡᠭᠦᠯ ᠦᠨ ᠦᠶ᠎ᠡ ᠶᠢᠨ ᠪᠦᠬᠦ ᠯᠠ ᠳᠡᠪᠰᠢᠯᠲᠡᠲᠦ ᠲᠧᠭᠨᠢᠭ ᠲᠧᠭᠨᠣᠯᠣᠭᠢ ᠶᠢᠨ ᠣᠯᠤᠯᠲᠠ ᠶᠢ ᠠᠰᠢᠭᠯᠠᠵᠤ ᠬᠢᠬᠦ ᠫᠠᠯᠸᠦᠭᠸᠨᠢᠲ᠋ᠢᠺ ᠤᠨ ᠰᠤᠳᠤᠯᠭᠠᠨ ᠯᠠ ᠳ᠋ᠠ᠃ ᠡᠨᠡ ᠰᠤᠳᠤᠯᠭᠠᠨ ᠳᠤ ᠮᠠᠨ ᠤ ᠾᠦᠩᠨᠤ ᠰᠤᠳᠤᠯᠤᠭᠠᠴᠢ ᠠᠷᠾᠸᠦᠯᠦᠭᠢᠴᠢᠳ ᠣᠷᠣᠯᠴᠠᠬᠤ ᠪᠠᠷ ᠪᠣᠯᠤᠭᠰᠠᠨ᠃ ᠪᠢᠳᠡ ᠭᠸᠨᠢᠲ᠋ᠢᠺ ᠤᠨ ᠰᠤᠳᠤᠯᠭᠠᠨ ᠤ ᠯᠠᠪᠤᠷᠠᠲ᠋ᠣᠷᠢ ᠶᠢᠨ ᠰᠢᠨᠵᠢᠯᠡᠭᠡᠨ ᠦ ᠦᠷ᠎ᠡ ᠳ᠋ᠦᠩ ᠢ ᠠᠷᠾᠸᠦᠯᠦᠭᠢ ᠶᠢᠨ ᠰᠤᠳᠤᠯᠭᠠᠨ ᠲᠠᠢ ᠬᠠᠷᠢᠴᠠᠭᠤᠯᠵᠤ ᠡᠴᠦᠰ ᠦᠨ ᠳ᠋ᠦᠩᠨᠡᠯᠲᠡ ᠬᠢᠬᠦ ᠳᠦ ᠤᠷᠤᠯᠴᠠᠬᠤ ᠶᠤᠮ᠃ ᠾᠦᠩᠨᠤ ᠶᠢᠨ ᠤᠭᠰᠠᠭ᠎ᠠ ᠭᠠᠷᠤᠯ ᠤᠨ ᠠᠰᠠᠭᠤᠳᠠᠯ ᠢ ᠪᠠᠲᠤᠳᠬᠠᠠᠬᠤ ᠳᠤ ᠴᠢᠬᠤᠯᠠ ᠠᠯᠬᠤᠮ ᠪᠣᠯᠬᠤ ᠪᠠᠶᠢᠬᠤ᠃
– ᠾᠦᠩᠨᠤ ᠶᠢᠨ ᠠᠷᠾᠸᠦᠯᠦᠭᠢ ᠶᠢᠨ ᠳᠤᠷᠠᠰᠬᠠᠯ ᠤᠳ ᠤᠨ ᠳᠡᠶᠢᠯᠦᠩᠬᠢ ᠨᠢ ᠮᠠᠨ ᠤ ᠤᠯᠤᠰ ᠤᠨ ᠨᠤᠲᠤᠭ ᠲᠤ ᠪᠠᠶᠢᠳᠠᠭ ᠲᠤᠬᠠᠢ ᠳᠤᠷᠠᠳᠤᠯ᠎ᠠ᠂ ᠡᠨᠡ ᠲᠠᠯ᠎ᠠ ᠪᠠᠷ ᠳᠡᠯᠭᠡᠷᠡᠩᠭᠦᠢ ᠶᠠᠷᠢᠬᠤ ᠦᠭᠡᠢ ᠤᠤ︖
– ᠾᠦᠩᠨᠤ ᠶᠢᠨ ᠦᠶ᠎ᠡ ᠳᠦ ᠬᠣᠯᠪᠣᠭᠳᠠᠬᠤ ᠠᠷᠾᠸᠦᠯᠦᠭᠢ ᠶᠢᠨ ᠳᠤᠷᠠᠰᠬᠠᠯ ᠤᠳ ᠢ ᠪᠤᠯᠠᠰᠢ ᠣᠷᠣᠰᠢᠭᠤᠯᠭ᠎ᠠ᠂ ᠬᠣᠲᠠ ᠰᠠᠭᠤᠷᠢᠨ᠂ ᠬᠠᠳᠠᠨ ᠤ ᠵᠢᠷᠤᠭ᠂ ᠦᠢᠯᠡᠳᠪᠦᠷᠢᠯᠡᠯ ᠦᠨ ᠭᠠᠵᠠᠷ ᠭᠡᠵᠦ ᠠᠩᠭᠢᠯᠠᠨ ᠰᠤᠳᠤᠯᠳᠠᠭ᠃ ᠡᠭᠦᠨ ᠦ ᠳᠡᠶᠢᠯᠦᠩᠬᠢ ᠬᠤᠪᠢ ᠶᠢ ᠪᠤᠯᠠᠰᠢ ᠣᠷᠣᠰᠢᠭᠤᠯᠭ᠎ᠠ ᠡᠵᠡᠯᠡᠨ᠎ᠡ᠃ ᠣᠳᠣ ᠶᠢᠨ ᠪᠠᠶᠢᠳᠠᠯ ᠢᠶᠠᠷ ᠮᠣᠩᠭᠣᠯ ᠤᠯᠤᠰ ᠤᠨ ᠨᠤᠲᠤᠭ ᠳᠡᠪᠢᠰᠬᠡᠷ ᠡᠴᠡ᠂ ᠣᠷᠣᠰ ᠤᠨ ᠬᠣᠯᠪᠣᠭᠠᠨ ᠤ ᠤᠯᠤᠰ ᠤᠨ ᠪᠤᠷᠢᠶᠠᠳ ᠤᠨ ᠨᠤᠲᠤᠭ ᠥᠪᠥᠷ ᠪᠠᠶᠢᠭᠠᠯ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠪᠦᠷ ᠮᠤᠩᠭᠤᠯ ᠪᠠ ᠲᠡᠭᠦᠨ ᠲᠡᠢ ᠬᠢᠯᠢ ᠵᠠᠯᠭᠠᠭ᠎ᠠ ᠮᠤᠵᠢ ᠨᠤᠲᠤᠭ ᠤᠳ ᠠᠴᠠ ᠾᠦᠩᠨᠤ ᠶᠢᠨ ᠦᠶ᠎ᠡ ᠳᠦ ᠬᠣᠯᠪᠣᠭᠳᠠᠬᠤ ᠠᠷᠾᠸᠦᠯᠦᠭᠢ ᠶᠢᠨ ᠳᠤᠷᠠᠰᠬᠠᠯ ᠤᠳ ᠢᠯᠡᠷᠡᠭᠰᠡᠨ ᠪᠠᠶᠢᠨ᠎ᠠ᠃ ᠡᠭᠦᠨ ᠦ ᠳᠡᠶᠢᠯᠦᠩᠬᠢ ᠨᠢ ᠮᠠᠨ ᠤ ᠤᠯᠤᠰ ᠤᠨ ᠨᠤᠲᠤᠭ ᠲᠤ ᠪᠤᠢ᠃ ᠮᠠᠨ ᠤ ᠠᠷᠾᠸᠦᠯᠦᠭᠢᠴᠢᠳ ᠤᠨ ᠰᠡᠭᠦᠯ ᠳᠦ ᠭᠠᠷᠭᠠᠭᠰᠠᠨ ᠪᠦᠷᠢᠳᠬᠡᠯ ᠢᠶᠡᠷ ᠮᠣᠩᠭᠣᠯ ᠤᠯᠤᠰ ᠤᠨ ᠨᠤᠲᠤᠭ ᠲᠤ 300 ᠭᠠᠷᠤᠢ ᠭᠠᠵᠠᠷ 10000 ᠭᠠᠷᠤᠢ ᠾᠦᠩᠨᠤ ᠪᠤᠯᠠᠰᠢ ᠪᠠᠶᠢᠭ᠎ᠠ ᠨᠢ ᠲᠣᠭᠲᠠᠭᠠᠭᠳᠠᠭᠠᠳ ᠪᠠᠶᠢᠨ᠎ᠠ᠃
ᠾᠦᠩᠨᠤ ᠶᠢᠨ ᠪᠤᠯᠠᠰᠢ᠂ ᠣᠷᠣᠰᠢᠭᠤᠯᠭ᠎ᠠ ᠶᠢ ᠬᠡᠯᠪᠡᠷᠢ ᠵᠣᠬᠢᠶᠠᠨ ᠪᠠᠶᠢᠭᠤᠯᠤᠯᠲᠠ ᠶᠢᠨ ᠬᠤᠪᠢ ᠳᠤ ᠳᠥᠷᠪᠡᠯᠵᠢᠨ ᠳᠠᠯᠠᠩ᠂ ᠡᠭᠦᠳᠡᠪᠴᠢ ᠲᠡᠢ ᠢᠵᠠᠭᠤᠷᠲᠠᠨ ᠤ ᠪᠤᠯᠠᠰᠢ᠂ ᠵᠢᠵᠢᠭ ᠪᠤᠶᠤ ᠵᠢᠷ ᠦᠨ ᠪᠤᠯᠠᠰᠢ ᠭᠡᠰᠡᠨ ᠦᠨᠳᠦᠰᠦᠨ ᠲᠥᠷᠥᠯ ᠳᠦ ᠬᠤᠪᠢᠶᠠᠨ᠎ᠠ᠃ ᠡᠭᠦᠨ ᠡᠴᠡ᠂ ᠢᠵᠠᠭᠤᠷᠲᠠᠨ ᠤ ᠣᠷᠣᠰᠢᠭᠤᠯᠭ᠎ᠠ ᠶᠢᠨ ᠨᠡᠶᠢᠲᠡ 13 ᠳᠤᠷᠠᠰᠬᠠᠯ ᠪᠠᠶᠢᠭ᠎ᠠ ᠶᠢᠨ 9 ᠨᠢ ᠮᠠᠨ ᠤ ᠤᠯᠤᠰ ᠲᠤ᠂ ᠠᠷᠤᠬᠠᠩᠭᠠᠢ᠂ ᠲᠥᠪ᠂ ᠬᠡᠨᠲᠡᠢ᠂ ᠬᠣᠪᠳᠣ᠂ ᠭᠣᠪᠢ-ᠠᠯᠲᠠᠢ᠂ ᠪᠤᠯᠠᠭᠠᠨ ᠠᠶᠢᠮᠠᠭ ᠤᠨ ᠨᠤᠲᠤᠭ ᠲᠤ ᠪᠠᠶᠢᠨ᠎ᠠ᠃ ᠡᠳᠡᠭᠡᠷ ᠣᠷᠣᠰᠢᠭᠤᠯᠭ᠎ᠠ ᠶᠢᠨ ᠭᠠᠵᠠᠷ ᠤᠳ ᠲᠤ ᠪᠠᠶᠢᠭ᠎ᠠ ᠨᠡᠶᠢᠲᠡ ᠪᠤᠯᠠᠰᠢᠨ ᠤ ᠲᠣᠭᠠᠨ ᠦᠵᠡᠭᠦᠯᠦᠯᠲᠡ ᠡᠴᠡ ᠬᠠᠷᠠᠪᠠᠯ 90 ᠭᠠᠷᠤᠢ ᠬᠤᠪᠢ ᠨᠢ ᠮᠣᠩᠭᠣᠯ ᠤᠯᠤᠰ ᠤᠨ ᠨᠤᠲᠤᠭ ᠲᠤ ᠪᠤᠢ᠃ ᠪᠤᠯᠠᠰᠢ ᠣᠷᠣᠰᠢᠭᠤᠯᠭ᠎ᠠ ᠠᠴᠠ ᠭᠠᠳᠠᠨ᠎ᠠ ᠲᠡᠦᠬᠡ ᠳᠤᠷᠠᠰᠬᠠᠯ ᠤᠨ 20 ᠣᠷᠴᠢᠮ ᠬᠤᠪᠢ ᠨᠢ ᠬᠣᠲᠠ ᠰᠠᠭᠤᠷᠢᠨ ᠦᠶ᠎ᠡ ᠶᠢᠨ ᠬᠢ᠃ ᠡᠭᠦᠨ ᠦ13 ᠨᠢ ᠮᠣᠩᠭᠣᠯ ᠤᠨ ᠨᠤᠲᠤᠭ ᠲᠤ ᠪᠤᠢ᠃ ᠡᠭᠦᠷᠭᠡ ᠵᠣᠷᠢᠭᠤᠯᠤᠯᠲᠠ ᠶᠢᠨ ᠬᠤᠪᠢ ᠳᠤ᠂ ᠭᠠᠷ ᠤᠷᠠᠯᠠᠯ ᠡᠷᠬᠢᠯᠡᠭᠴᠢᠳ ᠦᠨ ᠰᠠᠭᠤᠷᠢᠨ᠂ ᠬᠢᠯᠢ ᠶᠢᠨ ᠪᠡᠬᠢᠯᠡᠯᠲᠡ᠂ ᠲᠠᠬᠢᠯᠭ᠎ᠠ ᠮᠥᠷᠭᠥᠯ ᠦᠨ ᠭᠠᠵᠠᠷ ᠤᠳ ᠭᠡᠵᠦ ᠬᠤᠪᠢᠶᠠᠨ ᠦᠵᠡᠳᠡᠭ ᠯᠠ ᠳ᠋ᠡ᠃ ᠮᠥᠨ ᠭᠤᠷᠪᠠᠳᠠᠬᠢ ᠦᠶ᠎ᠡ ᠶᠢᠨ ᠲᠡᠦᠬᠡᠨ ᠳᠤᠷᠠᠰᠬᠠᠯ ᠨᠢ ᠬᠠᠳᠠᠨ ᠤ ᠰᠦᠭ ᠵᠢᠷᠤᠭ ᠶᠤᠮ᠃ ᠡᠨᠡ ᠪᠣᠯ ᠬᠠᠷᠢᠴᠠᠩᠭᠤᠢ ᠴᠥᠭᠡᠨ ᠲᠣᠭ᠎ᠠ ᠲᠠᠢ ᠪᠠᠶᠢᠳᠠᠭ᠃

ᠰᠡᠳᠬᠢᠭᠳᠡᠯ ᠦᠯᠡᠳᠡᠭᠡᠬᠦ