ᠳ ∙ᠳᠠᠸᠠ ᠠᠷᠮᠸᠨᠢᠶ᠎ᠠ ᠶᠢᠨ ᠶᠡᠷᠦᠩᠬᠡᠶᠢᠯᠡᠭᠴᠢ ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ  | News.MN

ᠳ ∙ᠳᠠᠸᠠ ᠠᠷᠮᠸᠨᠢᠶ᠎ᠠ ᠶᠢᠨ ᠶᠡᠷᠦᠩᠬᠡᠶᠢᠯᠡᠭᠴᠢ ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ 

 

ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠠᠷᠮᠸᠨᠢᠶ᠎ᠠ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠳᠤᠯᠮᠠᠰᠦ᠋ᠷᠦᠩ ᠦᠨ ᠳᠠᠸᠠ ᠪᠦᠭᠦᠳᠡ ᠨᠠᠶᠢᠷᠠᠮᠳᠠᠬᠤ ᠠᠷᠮᠸᠨᠢᠶ᠎ᠠ ᠤᠯᠤᠰ ᠤᠨ ᠶᠡᠷᠦᠩᠬᠡᠢᠯᠡᠭᠴᠢ ᠳᠦ ᠡᠨᠡ ᠰᠠᠷ᠎ᠠ ᠶᠢᠨ 25 ᠍ ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ᠃
ᠪᠦᠭᠦᠳᠡ ᠨᠠᠶᠢᠷᠠᠮᠳᠠᠬᠤ ᠠᠷᠮᠸᠨᠢᠶ᠎ᠠ ᠤᠯᠤᠰ ᠤᠨ ᠶᠡᠷᠦᠩᠬᠡᠶᠢᠯᠡᠭᠴᠢ ᠠᠷᠮᠧᠨ ᠸᠠᠷᠲᠠᠨᠨᠣᠸᠢᠴ ᠰᠠᠷᠺᠢᠰᠶᠠᠨ ᠮᠣᠩᠭᠣᠯ ᠤᠯᠤᠰ ᠤᠨ ᠲᠥᠷᠥ ᠶᠢᠨ ᠲᠡᠷᠢᠭᠦᠨ ᠳᠦ ᠮᠡᠨᠳᠦᠴᠢᠯᠡᠭᠡ ᠬᠦᠷᠭᠡᠭᠡᠳ᠂ ᠡᠯᠴᠢᠨ ᠰᠠᠶᠢᠳ ᠳ ∙ ᠳᠠᠸᠠ ᠳᠤ ᠪᠠᠶᠠᠷ ᠬᠦᠷᠭᠡᠵᠦ᠂ ᠬᠣᠶᠠᠷ ᠤᠯᠤᠰ ᠤᠨ ᠤᠯᠤᠰ ᠲᠥᠷᠥ᠂ ᠡᠳ᠋ ᠍ ᠦᠨ ᠵᠠᠰᠠᠭ᠂ ᠬᠤᠳᠠᠯᠳᠤᠭ᠎ᠠ᠂ ᠬᠦᠮᠦᠯᠢᠭ ᠦᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠵᠦ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ